蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠭᠤᠷᠪᠠᠨ ᠲᠦᠷᠦᠯ ᠤᠨ ᠬᠦᠮᠦᠰ ᠢ ᠤᠨᠴᠠ ᠬᠦᠴᠢᠷᠳᠡᠯᠲᠠᠢ ᠬᠦᠮᠦᠰ ᠤᠨ ᠠᠪᠤᠷᠠᠨ ᠲᠤᠰᠠᠯᠠᠵᠤ ᠠᠰᠠᠷᠠᠨ ᠳᠡᠮᠵᠢᠬᠦ ᠬᠦᠷᠢᠶ᠎ᠠ ᠴᠠᠷ᠎ᠠ ᠳᠤ ᠪᠠᠭᠲᠠᠭᠠᠪᠠ

2017-06-01 16:07

    ᠰᠢᠨᠬᠤᠸᠠ ᠬᠤᠷᠢᠶ᠎ᠠ  ᠬᠦᠬᠡᠬᠤᠲᠠ ᠶᠢᠨ 5 ᠰᠠᠷ᠎ᠠ ᠶᠢᠨ 31 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠫᠸᠩ ᠫᠠᠢ ) ᠰᠤᠷᠪᠤᠯᠵᠢᠯᠠᠭᠴᠢ 5 ᠰᠠᠷ᠎ᠠ ᠶᠢᠨ 31 ᠤ ᠡᠳᠦᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠡᠴᠡ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠰᠢᠨ᠎ᠠ ᠪᠡᠷ ᠨᠡᠶᠢᠲᠡᠯᠡᠭᠰᠡᠨ《 ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠨᠴᠠ ᠬᠦᠴᠢᠷᠳᠡᠯᠲᠠᠢ ᠬᠦᠮᠦᠰ ᠢ ᠪᠠᠲᠤᠯᠠᠨ ᠲᠤᠭᠲᠠᠭᠠᠬᠤ ᠠᠷᠭ᠎ᠠ》 ᠳᠤ  ᠬᠤᠲᠠ ᠪᠠᠯᠭᠠᠰᠤᠨ ᠤ ᠨᠠᠰᠤᠲᠠᠳ᠂ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠵᠢᠴᠢ 16 ᠬᠦᠷᠦᠭᠡᠳᠤᠢ ᠨᠠᠰᠤᠨ ᠳᠤ ᠦᠯᠦ ᠬᠦᠷᠦᠭᠰᠡᠳ ᠪᠠᠭᠳᠠᠬᠤ ᠪᠡᠷ ᠪᠠᠷᠠᠬᠤ ᠦᠭᠡᠢ ᠬᠦᠳᠡᠯᠮᠦᠷᠢᠯᠡᠬᠦ ᠴᠢᠳᠠᠪᠤᠷᠢ ᠪᠡᠨ ᠠᠯᠳᠠᠭᠰᠠᠨ᠂ ᠠᠮᠢᠳᠤᠷᠠᠯ ᠤᠨ ᠪᠠᠲᠤᠯᠠᠭ᠎ᠠ ᠦᠭᠡᠢ᠂ ᠲᠡᠳᠭᠦᠷᠢ ᠶᠢᠨ ᠬᠡᠪᠴᠢᠶᠡᠨ  ᠳᠤ ᠤᠷᠤᠭᠤᠯᠤᠭᠰᠠᠨ ᠦᠭᠡᠢ ᠠᠰᠠᠷᠠᠨ ᠳᠡᠮᠵᠢᠬᠦ ᠡᠭᠦᠷᠭᠡ ᠬᠠᠷᠢᠭᠤᠴᠠᠯᠭ᠎ᠠ ᠲᠠᠢ ᠪᠤᠶᠤ ᠪᠤᠰᠤᠳ ᠬᠠᠤᠯᠢ ᠡᠴᠡ ᠲᠤᠭᠲᠠᠭᠠᠭᠰᠠᠨ ᠡᠬᠦᠷᠬᠡ ᠬᠠᠷᠢᠭᠤᠴᠠᠯᠭ᠎ᠠ ᠲᠠᠢ ᠪᠤᠯᠪᠠᠴᠤ ᠡᠭᠦᠷᠭᠡ ᠬᠠᠷᠢᠭᠤᠴᠠᠯᠭ᠎᠎ᠠ ᠪᠡᠨ ᠭᠦᠢᠴᠡᠳᠭᠡᠬᠦ ᠨᠥᠬᠦᠴᠡᠯ ᠦᠭᠡᠢ ᠬᠦᠮᠦᠰ ᠢ ᠤᠨᠴᠠ ᠬᠦᠴᠢᠷᠳᠡᠯᠲᠠᠢ ᠬᠦᠮᠦᠰ ᠤᠨ ᠠᠪᠤᠷᠠᠨ ᠲᠤᠰᠠᠯᠠᠵᠤ ᠠᠰᠠᠷᠠᠨ ᠳᠡᠮᠵᠢᠬᠦ ᠬᠦᠷᠢᠶ᠎ᠠ ᠴᠠᠷ᠎ᠠ ᠳᠤ ᠪᠠᠭᠲᠠᠭᠠᠨ᠎ᠠ ᠭᠡᠵᠤ ᠲᠤᠭᠲᠠᠪᠠ᠃

    ᠤᠳᠤᠬᠠᠨ ᠪᠤᠯᠲᠠᠯ᠎ᠠ᠂ ᠦᠪᠦᠷ ᠮᠣᠩᠭᠣᠯ ᠤᠨ ᠬᠤᠲᠠ ᠪᠠᠯᠭᠠᠰᠤᠨ ᠤ ᠤᠨᠴᠠ ᠬᠦᠴᠢᠷᠳᠡᠯᠲᠠᠢ ᠬᠦᠮᠦᠰ 9.8 ᠲᠦᠮᠡ ᠳᠤ ᠬᠦᠷᠴᠤ᠂ ᠤᠷᠤᠨ ᠳᠠᠶᠠᠭᠠᠷ ᠤᠨ ᠬᠤᠲᠠ ᠶᠢᠨ ᠤᠨᠴᠠ ᠬᠦᠴᠢᠷᠳᠡᠯᠲᠠᠢ ᠬᠦᠮᠦᠰ ᠢ ᠲᠦᠪᠯᠡᠷᠡᠭᠦᠯᠦᠨ ᠠᠰᠠᠷᠠᠨ ᠳᠡᠮᠵᠢᠬᠦ ᠦᠨᠳᠦᠰᠦᠨ ᠠᠮᠢᠳᠤᠷᠠᠯ ᠤᠨ ᠪᠠᠷᠢᠮᠵᠢᠶ᠎᠎ᠠ ᠨᠢ ᠬᠦᠮᠦᠨ ᠪᠦᠷᠢ ᠳᠤ ᠳᠤᠮᠳᠠᠴᠢ ᠪᠡᠷ ᠰᠠᠷ᠎ᠠ ᠳᠤ 1244 ᠲᠦᠬᠦᠷᠢᠭ᠌᠂ ᠦᠩᠭᠡᠷᠡᠭᠰᠡᠨ ᠤᠨ ᠤ ᠮᠦᠨ ᠦᠶ᠎ᠠ ᠡᠴᠡ 35 ᠲᠦᠬᠦᠷᠢᠭ᠌ ᠪᠤᠶᠤ 2.9% ᠪᠡᠷ ᠨᠡᠮᠡᠭᠳᠡᠵᠠᠢ᠃ ᠲᠤᠰᠠᠭᠠᠷ ᠠᠰᠠᠷᠠᠨ ᠳᠡᠮᠵᠢᠬᠦ ᠦᠨᠳᠦᠰᠦᠨ ᠠᠮᠢᠳᠤᠷᠠᠯ ᠤᠨ ᠪᠠᠷᠢᠮᠵᠢᠶ᠎᠎ᠠ ᠨᠢ ᠬᠦᠮᠦᠨ ᠪᠦᠷᠢ ᠳᠤ ᠳᠤᠮᠳᠠᠴᠢ ᠪᠡᠷ ᠰᠠᠷ᠎ᠠ ᠳᠤ 960 ᠲᠦᠬᠦᠷᠢᠭ᠌᠂ ᠦᠩᠭᠡᠷᠡᠭᠰᠡᠨ ᠤᠨ ᠤ ᠮᠦᠨ ᠦᠶ᠎ᠠ ᠡᠴᠡ 59 ᠲᠦᠬᠦᠷᠢᠭ᠌ ᠪᠤᠶᠤ 6.5% ᠪᠡᠷ ᠨᠡᠮᠡᠭᠳᠡᠭᠰᠡᠨ ᠪᠠᠶᠢᠨ᠎ᠠ᠃

    ᠬᠦᠳᠡᠭᠡ ᠤᠷᠤᠨ ᠨᠤᠲᠤᠭ ᠤᠨ ᠤᠨᠴᠠ ᠬᠦᠴᠢᠷᠳᠡᠯᠲᠠᠢ ᠬᠦᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶᠠᠨ ᠤ ᠦᠰᠦᠯᠲᠠ ᠬᠠᠷᠢᠴᠠᠩᠭ᠋ᠤᠢ ᠶᠡᠬᠡ᠂ ᠲᠦᠪᠯᠡᠷᠡᠭᠦᠯᠦᠨ ᠠᠰᠠᠷᠠᠨ ᠳᠡᠮᠵᠢᠬᠦ ᠦᠨᠳᠦᠰᠦᠨ ᠠᠮᠢᠳᠤᠷᠠᠯ ᠤᠨ ᠪᠠᠷᠢᠮᠵᠢᠶ᠎᠎ᠠ ᠨᠢ ᠬᠦᠮᠦᠨ ᠪᠦᠷᠢ ᠳᠤ ᠳᠤᠮᠳᠠᠴᠢ ᠪᠡᠷ ᠵᠢᠯ ᠳᠤ 9252 ᠲᠦᠬᠦᠷᠢᠭ᠌᠂ ᠦᠩᠭᠡᠷᠡᠭᠰᠡᠨ ᠤᠨ ᠤ ᠮᠦᠨ ᠦᠶ᠎ᠠ ᠡᠴᠡ 654 ᠲᠦᠬᠦᠷᠢᠭ᠌ ᠪᠤᠶᠤ 7.6% ᠪᠡᠷ ᠨᠡᠮᠡᠭᠳᠡᠵᠠᠢ᠃ ᠲᠤᠰᠠᠭᠠᠷ ᠠᠰᠠᠷᠠᠨ ᠳᠡᠮᠵᠢᠬᠦ ᠦᠨᠳᠦᠰᠦᠨ ᠠᠮᠢᠳᠤᠷᠠᠯ ᠤᠨ ᠪᠠᠷᠢᠮᠵᠢᠶ᠎᠎ᠠ ᠨᠢ ᠬᠦᠮᠦᠨ ᠪᠦᠷᠢ ᠳᠤ ᠳᠤᠮᠳᠠᠴᠢ ᠪᠡᠷ ᠵᠢᠯ ᠳᠤ 6770 ᠲᠦᠬᠦᠷᠢᠭ᠌᠂ ᠦᠩᠭᠡᠷᠡᠭᠰᠡᠨ ᠤᠨ ᠤ ᠮᠦᠨ ᠦᠶ᠎ᠠ ᠡᠴᠡ 1646 ᠲᠦᠬᠦᠷᠢᠭ᠌ ᠪᠤᠶᠤ 32.1% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121070251