蒙古文网站Logo
ᠰᠢᠨᠬᠤᠸᠠ ᠮᠤᠩᠭ᠋ᠤᠯ ᠨᠧᠲ

ᠮᠠᠰᠢᠨ ᠲᠡᠷᠭᠡᠨ ‍ᠥ ᠫᠠᠶᠢᠰᠠ ᠨᠣᠮᠧᠷ ᠲᠤ ᠰᠢᠨ᠎ᠡ ᠬᠠᠮᠢᠶᠠᠷᠤᠯᠲᠠ ᠶ᠋ᠢᠨ ᠠᠷᠭ᠎ᠠ ᠬᠡᠮᠵᠢᠶ᠎ᠡ ᠬᠡᠷᠡᠭᠵᠢᠭᠦᠯᠦᠨ᠎ᠠ

2017-06-02 11:20

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 6 ᠰᠠᠷ᠎ᠠ ᠵᠢᠨ 1 ‍ᠥ ᠡᠳᠦᠷ ‍ᠥᠨ ᠮᠡᠳᠡᠭᠡ ᠶᠢ ᠦᠨᠳᠦᠰᠦᠯᠡᠪᠡᠯ᠂ ᠳᠤᠳᠤᠭᠠᠳᠤ ᠶᠢ ᠬᠠᠮᠠᠭᠠᠯᠠᠬᠤ ᠶᠠᠮᠤᠨ 6 ᠰᠠᠷ᠎ᠠ ᠵᠢᠨ 20 ᠤ ᠡᠳᠦᠷ ᠡᠴᠡ ᠡᠬᠢᠯᠡᠵᠦ᠂ ᠮᠠᠰᠢᠨ ᠲᠡᠷᠭᠡᠨ ‍ᠥ ᠫᠠᠶᠢᠰᠠ ᠨᠣᠮᠧᠷ ᠲᠤ ᠰᠢᠨ᠎ᠡ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠶᠢ ᠤᠯᠤᠰ ᠲᠠᠶᠠᠭᠠᠷ ᠲᠤ ᠬᠡᠷᠡᠭᠵᠢᠭᠦᠯᠬᠦ ᠪᠡᠷ ᠪᠠᠶᠢᠨ᠎ᠠ᠃

    ᠥᠩᠭᠡᠷᠡᠭᠰᠡᠨ ᠳ᠋ᠥ ᠮᠠᠰᠢᠨ ᠲᠡᠷᠭᠡᠨ ‍ᠥ ᠫᠠᠶᠢᠰᠠ ᠨᠣᠮᠧᠷ ‍ᠢ ᠭᠤᠷᠪᠠᠨ ᠵᠢᠯ ᠡᠴᠠ ᠳᠡᠭᠡᠭᠰᠢ ᠬᠡᠷᠡᠭᠯᠡᠪᠡᠯ ᠰᠠᠶ᠊ᠢ ᠤᠤᠯ ᠤᠨ ᠫᠠᠶᠢᠰᠠ ᠪᠡᠨ ᠦᠯᠡᠳᠡᠭᠡᠵᠦ ᠪᠣᠯᠬᠤ ᠪᠠᠶᠢᠭᠰᠠᠨ ᠪᠤᠯ᠂ ᠣᠳᠣᠬᠠᠨ ᠤ ᠰᠢᠨ᠎ᠡ ᠠᠷᠭ᠎ᠠ ᠬᠡᠮᠵᠢᠶ᠎ᠡ ᠳ᠋ᠥ ᠨᠢᠭᠡ ᠵᠢᠯ ᠬᠡᠷᠡᠭᠯᠡᠪᠡᠯ ᠤᠤᠯ ᠤᠨ ᠫᠠᠶᠢᠰᠠ ᠪᠠᠨ ᠦᠯᠡᠳᠡᠭᠡᠵᠦ ᠪᠣᠯᠣᠨ᠎ᠠ ᠭᠡᠵᠦ ᠲᠣᠭᠲᠠᠭᠠᠵᠠᠢ︔ ᠬᠠᠭᠤᠴᠢᠨ ᠮᠠᠰᠢᠨ ᠲᠡᠷᠭᠡ ᠪᠡᠨ ᠪᠤᠰᠤᠳ ᠲᠤ ᠬᠤᠳᠠᠯᠳᠤᠬᠤ ᠪᠤᠶᠤ ᠬᠡᠷᠡᠭᠯᠡᠭᠡᠨ ᠡᠴᠡ ᠭᠠᠷᠭᠠᠭᠰᠠᠨ ᠤ ᠳᠠᠷᠠᠭ᠎ᠠ᠂ ᠳᠠᠬᠢᠭᠠᠳ ᠰᠢᠨ᠎ᠡ ᠮᠠᠰᠢᠨ ᠶᠤᠮ ‍ᠦᠦ ᠬᠠᠭᠤᠴᠢᠨ ᠮᠠᠰᠢᠨ ᠠᠪᠬᠤ ᠳᠤ ᠪᠦᠷ ᠤᠤᠯ ᠤᠨ ᠫᠠᠶᠢᠰᠠ ᠨᠣᠮᠧᠷ ᠵᠶ᠋ᠠᠨ ᠬᠡᠷᠡᠭᠯᠡᠵᠦ ᠪᠣᠯᠬᠤ ᠶᠤᠮ ᠪᠠᠶᠢᠨ᠎ᠠ᠃ 

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121075741