蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ 2016 ᠤᠨ ᠤ ᠤᠶᠤᠨ ᠤ ᠦᠮᠴᠢ ᠶᠢᠨ ᠬᠠᠮᠠᠭᠠᠯᠠᠯᠲᠠ ᠨᠡᠶᠢᠭᠡᠮ ᠤᠨ ᠦᠨᠳᠦᠷ ᠦᠨᠡᠯᠡᠯᠭᠡ ᠤᠯᠪᠠ

2017-06-02 17:01

    ᠲᠦᠷᠦᠭᠦᠬᠡᠨ᠂ ᠤᠯᠤᠰ ᠤᠨ ᠤᠶᠤᠨ ᠤ ᠦᠮᠴᠢ ᠶᠢᠨ ᠲᠤᠪᠴᠢᠶ᠎ᠠ  ᠡᠴᠡ 2016 ᠤᠨ ᠤ ᠤᠷᠤᠨ ᠤ ᠦᠮᠴᠢ ᠶᠢᠨ ᠬᠠᠮᠭᠠᠯᠠᠯᠲᠠ ᠶᠢᠨ ᠨᠡᠶᠢᠭᠡᠮ ᠤᠨ ᠬᠠᠨᠤᠮᠵᠢ ᠶᠢᠨ ᠪᠠᠶᠢᠳᠠᠯ  ᠪᠠ ᠳᠤᠰᠬᠠᠢ ᠡᠷᠬᠡ ᠶᠢᠨ ᠬᠠᠮᠠᠭᠠᠯᠠᠯᠲᠠ ᠶᠢᠨ ᠨᠡᠶᠢᠭᠡᠮ ᠤᠨ ᠬᠠᠨᠤᠮᠵᠢ ᠶᠢᠨ ᠪᠠᠶᠢᠳᠠᠯ ᠳᠤ  ᠪᠠᠶᠢᠴᠠᠭᠠᠯᠲᠠ ᠬᠢᠭ᠍ᠰᠡᠨ ᠦᠷ᠎ᠡ ᠳ᠋ᠦᠩ ᠢ ᠨᠡᠶᠢᠲᠡᠯᠡᠪᠡ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠶᠤᠨ ᠤ ᠦᠮᠴᠢ ᠶᠢᠨ ᠬᠠᠮᠭᠠᠯᠠᠯᠲᠠ ᠶᠢᠨ ᠨᠡᠶᠢᠭᠡᠮ ᠤᠨ ᠬᠠᠨᠤᠮᠵᠢ ᠶᠢᠨ ᠬᠡᠮᠵᠢᠶ᠎ᠡ  75.61 ᠬᠤᠪᠢ ᠳᠤ ᠬᠦᠷᠤᠨ ᠳᠤᠰᠬᠠᠢ ᠡᠷᠬᠡ ᠶᠢᠨ ᠬᠠᠮᠭᠠᠯᠠᠯᠲᠠ ᠶᠢᠨ ᠨᠡᠶᠢᠭᠡᠮ ᠤᠨ ᠬᠠᠨᠤᠮᠵᠢ  ᠤᠨ ᠬᠡᠮᠵᠢᠶ᠎ᠡ 81.82 ᠬᠤᠪᠢ ᠳᠤ ᠬᠦᠷᠴᠤ᠂ ᠲᠤᠰ ᠪᠦᠷᠢ ᠡᠯ᠎ᠡ ᠮᠤᠵᠢ ᠤᠷᠤᠨ ᠳᠤ ᠲᠦᠷᠦᠭᠦᠯᠵᠦ ᠪᠠᠶᠢᠨ᠎ᠠ᠃

    ᠤᠶᠢᠯᠠᠭᠠᠭᠰᠠᠨ ᠶᠢᠡᠷ᠂ ᠲᠤᠰ ᠤᠳᠠᠭᠠᠨ ᠤ ᠤᠯᠤᠰ ᠳᠠᠶᠠᠭᠠᠷ ᠤᠨ ᠬᠡᠪᠴᠢᠶᠡᠨ ᠤ ᠪᠠᠶᠢᠴᠠᠭᠠᠯᠲᠠ ᠳᠤ ᠤᠶᠤᠨ ᠤ ᠦᠮᠴᠢ ᠶᠢᠨ ᠡᠷᠬᠡᠲᠤ ᠬᠦᠮᠦᠨ᠂ ᠠᠷᠠᠳ ᠢᠷᠭᠡᠳ᠂ ᠲᠤᠰᠬᠠᠢ ᠮᠡᠷᠭᠡᠵᠢᠯᠲᠡᠨ ᠵᠡᠷᠭᠡ ᠭᠤᠷᠪᠠᠨ ᠲᠦᠷᠦᠯ ᠤᠨ ᠬᠦᠮᠦᠰ  ᠤᠷᠤᠯᠴᠠᠵᠤ ᠨᠡᠶᠢᠲᠡ12600 ᠬᠤᠪᠢ ᠬᠦᠴᠦᠨ ᠪᠦᠬᠦᠢ ᠦᠯᠢᠭᠡᠷ ᠡᠳ᠋ ᠬᠡᠷᠡᠭᠯᠡᠵᠠᠢ᠃ ᠤᠷᠤᠨ ᠳᠠᠶᠠᠭᠠᠷ ᠤᠨ 31 ᠮᠤᠵᠢ ᠤᠷᠤᠨ ᠢ ᠬᠠᠮᠤᠷᠴᠤ᠂ ᠤᠳᠤᠬᠠᠨ ᠤ ᠮᠠᠨ ᠤ ᠤᠯᠤᠰ ᠤᠨ ᠤᠶᠤᠨ ᠤ ᠦᠮᠴᠢ ᠶᠢᠨ ᠬᠠᠮᠭᠠᠯᠠᠯᠲᠠ ᠶᠢᠨ ᠪᠠᠶᠢᠳᠠᠯ ᠪᠠ ᠤᠷᠤᠰᠢᠵᠤ ᠪᠠᠶᠢᠭ᠎ᠠ ᠠᠰᠠᠭᠤᠳᠠᠯ ᠢ ᠪᠤᠰᠤᠳᠴᠢ ᠪᠡᠷ ᠢᠯᠡᠷᠡᠭᠦᠯᠵᠠᠢ᠃ 2016 ᠤᠨ ᠳᠤ ᠤᠷᠤᠨ ᠳᠠᠶᠠᠭᠠᠷ ᠨᠡᠶᠢᠲᠡ 11 ᠲᠤᠰᠬᠠᠢ ᠡᠷᠬᠡ ᠶᠢᠨ ᠵᠠᠭᠤᠷᠭᠠᠨ ᠢ ᠰᠶ᠋ᠢᠳᠪᠦᠷᠢᠯᠡᠵᠤ᠂ 340 ᠬᠤᠳᠠᠯ ᠬᠠᠭᠤᠷᠮᠠᠭ ᠲᠤᠰᠬᠠᠢ ᠡᠷᠬᠡ ᠶᠢᠨ ᠠᠵᠢᠯᠯᠠᠭ᠎ᠠ ᠶᠢ ᠪᠠᠶᠢᠴᠠᠭᠠᠨ ᠢᠯᠡᠷᠡᠭᠦᠯᠵᠤ ᠰᠶ᠋ᠢᠳᠭᠡᠭ᠍ᠰᠡᠨ ᠪᠠᠶᠢᠨ᠎ᠠ᠃ ( ᠳᠠᠳᠤᠯᠭ᠎ᠠ ᠶᠢᠨ ᠰᠤᠷᠤᠭᠴᠢ ᠵᠢᠢ ᠶᠠᠨ ᠺᠦᠨ)

ᠢᠷᠡᠯᠳᠡ᠄  ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121078212