蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠨᠸᠲ ᠤᠨ ᠰᠠᠶᠢᠨ ᠳᠤᠷᠠᠴᠤᠳ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠡᠬᠢᠯᠡᠪᠡ

2017-06-03 18:00

    ᠰᠢᠨᠬᠤᠸᠠ ᠨᠸᠲ ᠬᠦᠬᠡᠬᠤᠲᠠ ᠶᠢᠨ 6 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ (ᠰᠢᠦᠢ ᠮᠸᠢ) 6 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ 《ᠲᠠᠯᠠᠷᠬᠠᠯ》 ᠢ᠋ᠶᠡᠷ ᠭᠤᠤᠯ ᠰᠡᠳᠦᠪ ᠢᠶᠡᠨ ᠪᠤᠯᠭᠠᠭᠰᠠᠨ ᠠᠩᠭᠢ ᠶᠢᠨ ᠬᠤᠷᠠᠯ ᠪᠤᠯᠵᠤ 2017 ᠤᠨ ᠤ ᠳᠦᠷᠪᠡᠳᠡᠬᠢ ᠬᠤᠭᠤᠴᠠᠭᠠᠨ ᠤ《ᠬᠦᠬᠡᠬᠤᠲᠠ ᠶᠢᠨ ᠨᠸᠲ ᠤᠨ ᠴᠤᠭ ᠵᠤᠯᠪᠤᠭᠠᠲᠤ ᠰᠠᠶᠢᠨ ᠲᠤᠷᠠᠴᠤᠳ ᠤᠨ ᠪᠢᠴᠢᠯ ᠨᠡᠶᠢᠲᠡ ᠶᠢᠨ ᠠᠰᠠᠷᠠᠮᠵᠢ》 ᠶ᠋ᠢᠨ ᠠᠵᠢᠯᠯᠠᠭᠠᠨ ᠤ ᠬᠦᠰᠢᠬᠡ ᠶᠢ ᠢᠷᠠᠪᠠ᠃

    《ᠬᠦᠬᠡᠬᠤᠲᠠ ᠶᠢᠨ ᠨᠸᠲ ᠤᠨ ᠴᠤᠭ ᠵᠤᠯᠪᠤᠭᠠᠲᠤ ᠰᠠᠶᠢᠨ ᠲᠤᠷᠠᠴᠤᠳ ᠤᠨ ᠪᠢᠴᠢᠯ ᠨᠡᠶᠢᠲᠡ ᠶᠢᠨ ᠠᠰᠠᠷᠠᠮᠵᠢ》 ᠶ᠋ᠢᠨ ᠠᠵᠢᠯᠯᠠᠭ᠎ᠠ ᠲᠤᠭᠲᠠᠬᠤ ᠰᠢᠶᠠᠨ ᠤ ᠰᠢᠨ ᠶᠢᠩᠽᠢ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠪᠤᠯᠤᠨ ᠳᠦᠷᠪᠡᠳᠦᠭᠡᠷ ᠪᠠᠭ᠎ᠠ ᠰᠤᠷᠭᠠᠭᠤᠯᠢ ᠳᠤ ᠪᠤᠯᠪᠠ᠃ ᠠᠭᠤᠷᠤᠭ ᠬᠡᠤᠬᠡᠳ ᠤᠳ᠂ ᠳᠤᠤᠷ᠎ᠠ ᠪᠠᠲᠤᠯᠭᠠᠲᠤ ᠡᠷᠦᠬᠡ ᠶᠢᠨ ᠬᠡᠤᠬᠡᠳ ᠤᠳ ᠪᠤᠯᠤᠨ ᠦᠨᠦᠴᠢᠨ ᠬᠡᠤᠬᠡᠳ ᠤᠳ ᠲᠤ 70 ᠭᠠᠷᠤᠢ ᠢᠵᠢ ᠪᠢᠴᠢᠭ᠌ ᠤᠨ ᠬᠡᠷᠡᠭᠰᠡᠯ᠂ ᠬᠢᠴᠢᠶᠡᠯ ᠤᠨ ᠭᠠᠳᠠᠨᠠᠬᠢ ᠤᠩᠰᠢᠬᠤ ᠪᠢᠴᠢᠭ᠌᠂ ᠨᠢᠳᠤ ᠬᠠᠮᠠᠭᠠᠯᠠᠬᠤ ᠳ᠋ᠸᠩ᠂ ᠲᠠᠮᠢᠷ ᠤᠨ ᠬᠤᠪᠴᠠᠰᠤ ᠵᠡᠷᠬᠡ ᠶᠢ ᠬᠦᠷᠭᠡᠵᠤ ᠲᠡᠳᠡᠨ ᠤ《 ᠪᠢᠴᠢᠬᠠᠨ ᠬᠦᠰᠡᠯ》 ᠢ᠋ ᠨᠢ ᠪᠡᠶᠡᠯᠡᠭᠦᠯᠵᠠᠢ᠃

    ᠤᠶᠢᠯᠠᠭᠠᠭᠰᠠᠨ ᠢᠶᠡᠷ᠂ ᠳᠦᠷᠪᠡᠳᠡᠬᠢ ᠬᠤᠭᠤᠴᠠᠭᠠᠨ ᠤ《ᠬᠦᠬᠡᠬᠤᠲᠠ ᠶᠢᠨ ᠨᠸᠲ ᠤᠨ ᠴᠤᠭ ᠵᠤᠯᠪᠤᠭᠠᠲᠤ ᠰᠠᠶᠢᠨ ᠲᠤᠷᠠᠴᠤᠳ ᠤᠨ ᠪᠢᠴᠢᠯ ᠨᠡᠶᠢᠲᠡ ᠶᠢᠨ ᠠᠰᠠᠷᠠᠮᠵᠢ》 ᠶ᠋ᠢᠨ ᠠᠵᠢᠯᠯᠠᠭ᠎ᠠ ᠡᠯ᠎ᠠ ᠬᠤᠰᠢᠭᠤ ᠰᠢᠶᠠᠨ ᠳᠤ ᠵᠠᠯᠭᠠᠪᠠᠷ ᠶᠠᠪᠤᠭᠳᠠᠵᠤ᠂ ᠲᠡᠳᠭᠦᠮᠵᠢ ᠬᠡᠷᠡᠭᠰᠡᠬᠦ ᠬᠦᠮᠦᠰ ᠪᠤᠯᠤᠨ ᠬᠦᠴᠢᠷᠳᠡᠯᠲᠠᠢ ᠢᠷᠭᠡᠳ ᠲᠤ ᠡᠯ᠎ᠠ ᠵᠦᠢᠯ ᠤᠨ ᠠᠰᠠᠷᠠᠮᠵᠢ ᠶᠢᠨ ᠳᠡᠮᠵᠢᠯᠭᠡ ᠦᠵᠡᠭᠦᠯᠬᠦ ᠪᠤᠯᠤᠨ᠎ᠠ᠃ ᠠᠵᠢᠯᠯᠠᠭ᠎ᠠ ᠡᠷᠬᠢᠯᠡᠭᠰᠡᠨ  ᠭᠤᠷᠪᠠᠨ ᠵᠢᠯ ᠤᠨ ᠲᠤᠷᠰᠢ᠂ ᠳᠤᠰᠠᠯᠠᠮᠵᠢ ᠶᠢᠨ ᠪᠤᠳᠠᠰ ᠲᠠᠷᠬᠠᠭᠠᠬᠤ ᠠᠵᠢᠯᠯᠠᠭ᠎ᠠ ᠶᠢ 20 ᠭᠠᠷᠤᠢ ᠲᠠᠯᠠᠪᠠᠢ ᠵᠤᠬᠢᠶᠠᠨ ᠪᠠᠶᠢᠭᠤᠯᠵᠤ᠂ ᠬᠦᠴᠢᠷᠳᠡᠯᠲᠠᠢ ᠰᠤᠷᠤᠭᠴᠢ᠂ ᠭᠡᠷ ᠢᠶᠡᠨ ᠰᠠᠬᠢᠵᠤ ᠦᠯᠡᠳᠡᠭᠰᠡᠨ ᠨᠠᠰᠤᠲᠠᠳ᠂ ᠴᠡᠪᠡᠷᠯᠡᠭᠴᠢ ᠵᠡᠷᠭᠡ ᠲᠡᠳᠭᠦᠮᠵᠢ ᠬᠡᠷᠡᠭᠰᠡᠬᠦ ᠬᠦᠮᠦᠰ ᠤᠨ ᠦᠴᠦᠬᠡᠨ ᠬᠦᠰᠡᠯ ᠢ ᠪᠡᠶᠡᠯᠡᠭᠦᠯᠦᠭᠰᠡᠭᠡᠷ ᠢᠷᠡᠵᠠᠢ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121081495