蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠷᠤᠰ ᠮᠣᠩᠭᠣᠯ ᠤᠨ ᠵᠠᠯᠠᠭᠤ ᠪᠠᠭᠠᠴᠤᠳ ᠤᠨ ᠵᠤᠰᠠᠯᠠᠩ ᠤᠨ ᠵᠢᠭᠤᠯᠴᠢᠯᠠᠯ ᠤᠨ ᠠᠵᠢᠯᠯᠠᠭ᠎ᠠ ᠡᠬᠢᠯᠡᠪᠡ

2017-06-06 11:15

    6 ᠰᠠᠷ᠎ᠠ ᠶᠢᠨ 5 ᠤ ᠡᠳᠦᠷ᠂《 ᠨᠠᠶᠢᠷᠠᠮᠳᠠᠯ᠂ ᠡᠩᠭᠡ ᠲᠠᠶᠢᠪᠤᠩ᠂ ᠵᠠᠯᠠᠭᠤ ᠡᠯᠴᠢ》ᠳᠤᠮᠳᠠᠳᠤ ᠤᠷᠤᠰ ᠮᠣᠩᠭᠣᠯ ᠤᠨ ᠵᠠᠯᠠᠭᠤ ᠪᠠᠭᠠᠴᠤᠳ ᠤᠨ ᠵᠤᠰᠠᠯᠠᠩ ᠤᠨ ᠵᠢᠭᠤᠯᠴᠢᠯᠠᠯ ᠤᠨ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠬᠦᠬᠡᠬᠤᠲᠠ ᠳᠤ ᠶᠠᠪᠤᠭᠳᠠᠪᠠ᠃ ᠤᠷᠤᠰ᠂ ᠮᠣᠩᠭᠣᠯ ᠡᠴᠡ ᠢᠷᠡᠭᠰᠡᠨ 200 ᠰᠢᠬᠠᠮ ᠵᠠᠯᠠᠭᠤ ᠪᠠᠭᠠᠴᠤᠳ ᠦᠪᠦᠷ ᠮᠣᠩᠭᠣᠯ ᠳᠤ 5 ᠡᠳᠦᠷ ᠤᠨ ᠬᠤᠭᠤᠴᠠᠭ᠎ᠠ ᠲᠠᠢ ᠨᠦᠬᠦᠷᠯᠡᠯ ᠤᠨ ᠰᠤᠯᠢᠯᠴᠠᠭ᠎ᠠ ᠶᠠᠪᠤᠭᠤᠯᠬᠤ ᠪᠤᠯᠤᠨ᠎ᠠ᠃

    ᠡᠬᠢᠯᠡᠯᠲᠡ ᠶᠢᠨ ᠶᠤᠰᠤᠯᠠᠯ ᠳᠡᠭᠡᠷ᠎ᠠ᠂ ᠳᠤᠮᠳᠠᠳᠤ ᠤᠷᠤᠰ ᠮᠣᠩᠭᠣᠯ ᠤᠨ ᠵᠠᠯᠠᠭᠤ ᠪᠠᠭᠠᠴᠤᠳ ᠬᠠᠮᠲᠤᠪᠠᠷ ᠵᠤᠰᠠᠯᠠᠩ ᠤᠨ LOGO ᠶ᠋ᠢᠨ ᠲᠦᠷᠰᠦ ᠭᠠᠷᠭᠠᠵᠤ᠂ ᠨᠦᠬᠦᠷᠯᠡᠯ ᠤᠨ ᠰᠤᠯᠢᠯᠴᠠᠭ᠎᠎ᠠ ᠵᠢᠴᠢ ᠤᠷ᠎ᠠ ᠠᠪᠢᠶᠠᠰ ᠤᠨ ᠦᠵᠡᠭᠦᠯᠦᠯᠭᠡ ᠶᠠᠪᠤᠭᠤᠯᠪᠠ᠃

    ᠤᠶᠢᠯᠠᠭᠠᠭᠰᠠᠨ ᠢᠶᠡᠷ᠂ ᠦᠨᠦ ᠵᠢᠯ 《 ᠨᠠᠶᠢᠷᠠᠮᠳᠠᠯ᠂ ᠡᠩᠭᠡ ᠲᠠᠶᠢᠪᠤᠩ᠂ ᠵᠠᠯᠠᠭᠤ ᠡᠯᠴᠢ》ᠳᠤᠮᠳᠠᠳᠤ ᠤᠷᠤᠰ ᠮᠣᠩᠭᠣᠯ ᠤᠨ ᠵᠠᠯᠠᠭᠤ ᠪᠠᠭᠠᠴᠤᠳ ᠤᠨ ᠵᠤᠰᠠᠯᠠᠩ ᠤᠨ ᠵᠢᠭᠤᠯᠴᠢᠯᠠᠯ ᠤᠨ ᠠᠵᠢᠯᠯᠠᠭ᠎ᠠ ᠶᠢ ᠲᠠᠪᠤᠳᠠᠬᠢ ᠤᠳᠠᠭ᠎ᠠ ᠪᠡᠨ ᠶᠠᠪᠤᠭᠳᠠᠭᠤᠯᠵᠤ ᠪᠠᠶᠢᠨ᠎ᠠ᠃ 2013 ᠤᠨ ᠳᠤ᠂ ᠦᠪᠦᠷ ᠮᠣᠩᠭᠣᠯ ᠤᠨ ᠵᠢᠭᠤᠯᠴᠢᠯᠠᠯ ᠤᠨ ᠰᠠᠯᠠᠭ᠎ᠠ ᠮᠦᠴᠢᠷ ᠡᠴᠡ 《 ᠳᠤᠮᠳᠠᠳᠤ ᠤᠷᠤᠰ ᠤᠨ ᠵᠢᠭᠤᠯᠴᠢᠯᠠᠯ ᠤᠨ ᠤᠨ》 ᠤ ᠰᠠᠶᠢᠬᠠᠨ ᠠᠵᠠ ᠲᠤᠬᠢᠶᠠᠯ ᠢ ᠵᠠᠪᠳᠠᠵᠤ᠂ ᠤᠷᠤᠰ ᠪᠤᠯᠤᠨ ᠮᠣᠩᠭᠣᠯ ᠤᠨ ᠲᠤᠰ ᠪᠦᠷᠢ ᠵᠠᠭᠤᠨ ᠵᠠᠯᠠᠭᠤ ᠪᠠᠭᠠᠴᠤᠳ ᠢ ᠦᠪᠦᠷ ᠮᠣᠩᠭᠣᠯ ᠳᠤ ᠤᠷᠢᠨ《 ᠨᠠᠶᠢᠷᠠᠮᠳᠠᠯ᠂ ᠡᠩᠭᠡ ᠲᠠᠶᠢᠪᠤᠩ᠂ ᠵᠠᠯᠠᠭᠤ ᠡᠯᠴᠢ》ᠳᠤᠮᠳᠠᠳᠤ ᠤᠷᠤᠰ ᠮᠣᠩᠭᠣᠯ ᠤᠨ ᠵᠠᠯᠠᠭᠤ ᠪᠠᠭᠠᠴᠤᠳ ᠤᠨ ᠵᠤᠰᠠᠯᠠᠩ ᠤᠨ ᠵᠢᠭᠤᠯᠴᠢᠯᠠᠯ ᠤᠨ ᠠᠵᠢᠯᠯᠠᠭ᠎ᠠ ᠳᠤ ᠤᠷᠤᠯᠴᠠᠭᠤᠯᠪᠠ᠃ ᠢᠩᠭᠢᠭ᠍ᠰᠡᠨ ᠢᠶᠡᠷ᠂ ᠳᠤᠮᠳᠠᠳᠤ ᠤᠷᠤᠰ ᠮᠣᠩᠭᠣᠯ ᠭᠤᠷᠪᠠᠨ ᠤᠯᠤᠰ ᠵᠢᠯ ᠪᠦᠷᠢ ᠬᠠᠷᠢᠯᠴᠠᠨ ᠵᠠᠯᠠᠭᠤ ᠪᠠᠭᠠᠴᠤᠳ ᠲᠤᠮᠢᠯᠠᠵᠤ ᠵᠢᠭᠤᠯᠴᠢᠯᠠᠯ ᠤᠨ ᠵᠤᠰᠠᠯᠠᠩ ᠤᠨ ᠠᠵᠢᠯᠯᠠᠭ᠎ᠠ ᠳᠤ ᠤᠷᠤᠯᠴᠠᠭᠤᠯᠬᠤ ᠪᠤᠯᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121094277