蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ - ᠡᠷᠢᠶᠡᠨ ᠬᠤᠲᠠ - ᠮᠠᠨᠵᠤᠤᠷ ᠬᠦᠷᠬᠦ ᠠᠭᠠᠷ ᠠᠶᠠᠯᠠᠯ ᠤᠨ ᠱᠤᠭᠤᠮ ᠵᠢᠩᠬᠢᠨᠢ ᠪᠡᠷ ᠨᠡᠪᠲᠡᠷᠡᠪᠡ

2017-06-06 16:29

    ᠤᠶᠢᠯᠠᠭᠠᠭᠰᠠᠨ ᠢᠶᠡᠷ᠂ ᠲᠤᠰ ᠠᠭᠠᠷ ᠠᠶᠠᠯᠠᠯ ᠤᠨ ᠱᠤᠭᠤᠮ ᠤᠨ ᠨᠢᠰᠦᠯᠭᠡ ᠶᠢ ᠬᠤᠸᠠ ᠰᠢᠶᠨ ᠠᠭᠠᠷ ᠠᠶᠠᠯᠠᠯ ᠤᠨ ᠺᠤᠮᠫᠠᠨᠢ ᠡᠴᠡ ᠡᠭᠦᠷᠭᠡᠯᠡᠵᠦ᠂ ᠭᠠᠷᠠᠭ ᠤᠨ ᠬᠤᠶᠠᠷ᠂ ᠭᠠᠷᠠᠭ ᠤᠨ ᠳᠦᠷᠪᠡᠨ ᠪᠤᠯᠤᠨ ᠭᠠᠷᠠᠭ ᠤᠨ ᠵᠢᠷᠭᠤᠭᠠᠨ ᠪᠤᠯᠭᠠᠨ ᠳᠤ ᠨᠢᠭᠡ ᠤᠳᠠᠭᠠᠨ ᠤ ᠨᠢᠰᠦᠯᠭᠡ ᠲᠠᠢ᠂ ᠨᠡᠶᠢᠲᠡ 87 ᠰᠠᠭᠤᠳᠠᠯ ᠲᠠᠢ᠃ ᠠᠶᠠᠯᠠᠭᠰᠠᠨ ᠠᠩᠬᠠᠨ ᠤ ᠡᠳᠦᠷ᠂ ᠪᠤᠭᠤᠮᠲᠠ ᠪᠡᠷ ᠤᠷᠤᠵᠤ ᠭᠠᠷᠤᠭᠰᠠᠨ ᠳᠤᠮᠳᠠᠴᠢ ᠠᠶᠠᠨᠴᠢᠳ ᠤᠨ ᠨᠤᠷᠮ᠎ᠠ 61% ᠳᠤ ᠬᠦᠷᠪᠠ᠃ ᠡᠨᠡᠬᠦ ᠠᠶᠠᠯᠠᠯ ᠤᠨ ᠱᠤᠭᠤᠮ ᠤᠨ ᠨᠡᠪᠲᠡᠷᠡᠭᠰᠡᠨ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠤᠶᠠᠷ ᠶᠡᠬᠡ ᠪᠤᠭᠤᠮᠲᠠ ᠶᠢᠨ ᠬᠤᠲᠠ ᠶᠢᠨ ᠬᠤᠭᠤᠷᠤᠨᠲᠤᠬᠢ ᠠᠭᠠᠷ ᠤᠨ ᠭᠠᠷᠴᠠ ᠶᠢ ᠪᠠᠶᠢᠭᠤᠯᠵᠤ ᠂ ᠬᠤᠶᠠᠷ ᠶᠡᠬᠡ ᠪᠤᠭᠤᠮᠲᠠ ᠶᠢᠨ ᠬᠤᠲᠠ ᠶᠢᠨ ᠬᠤᠭᠤᠷᠤᠨᠳᠤᠬᠢ ᠬᠠᠷᠢᠯᠴᠠᠭ᠎ᠠ ᠨᠠᠪᠲᠡᠷᠡᠯᠴᠡᠭᠡ ᠶᠢ ᠠᠬᠢᠭᠤᠯᠵᠦ ᠂ ᠬᠤᠶᠠᠷ ᠪᠦᠰᠡ ᠨᠤᠲᠤᠭ ᠤᠨ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭ᠍ᠰᠢᠯᠡᠭᠦᠯᠬᠦ ᠶᠢᠨ ᠬᠠᠮᠲᠤ ᠬᠢᠯᠢ ᠳᠠᠮᠨᠠᠬᠤ ᠶᠢᠨ ᠠᠷᠠᠯᠵᠢᠶᠠᠨ ᠤ ᠬᠦᠭ᠍ᠵᠢᠯᠲᠠ ᠶᠢ ᠳᠠᠶᠢᠴᠢᠯᠠᠵᠤ ᠴᠢᠳᠠᠨ᠎ᠠ᠃

    ᠲᠤᠰ ᠠᠭᠠᠷ ᠠᠶᠠᠯᠠᠯ ᠤᠨ ᠱᠤᠭᠤᠮ ᠨᠢ ᠪᠠᠰᠠ ᠡᠷᠢᠶᠡᠨ ᠬᠤᠲᠠ ᠶᠢᠨ ᠵᠤᠨ ᠤ ᠬᠤᠭᠤᠴᠠᠭᠠᠨ ᠳᠤ ᠨᠡᠪᠳᠡᠷᠡᠭᠦᠯᠦᠭᠰᠡᠨ ᠠᠩᠬᠠᠨ ᠤ ᠵᠢᠭᠤᠯᠴᠢᠯᠠᠯ ᠤᠨ ᠠᠭᠠᠷ ᠠᠶᠠᠯᠠᠯ ᠤᠨ ᠱᠤᠭᠤᠮ ᠪᠠᠶᠢᠵᠤ᠂ ᠪᠦᠰᠡ ᠨᠤᠲᠤᠭ ᠤᠨ ᠵᠢᠭᠤᠯᠴᠢᠯᠠᠯ ᠢ ᠲᠦᠯᠬᠢᠨ ᠠᠬᠢᠭᠤᠯᠬᠤ《 ᠵᠢᠭᠤᠯᠴᠢᠯᠠᠯ + ᠠᠭᠠᠷ ᠠᠶᠠᠯᠠᠯ》 ᠤᠨ ᠰᠢᠨ᠎ᠠ ᠬᠡᠯᠪᠡᠷᠢ ᠶᠢᠨ ᠵᠢᠭᠤᠯᠴᠢᠯᠠᠯ ᠤᠨ ᠬᠡᠪ ᠵᠠᠭᠪᠤᠷ ᠢ ᠪᠡᠶᠡᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121096511