蒙古文网站Logo
ᠰᠢᠨᠬᠤᠸᠠ ᠮᠤᠩᠭ᠋ᠤᠯ ᠨᠧᠲ

《 ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠲᠤᠰᠬᠠᠢ ᠭᠠᠯᠲᠤ ᠲᠡᠷᠭᠡ》᠄ ᠭᠦᠨ ᠬᠦᠪᠴᠢ ᠶᠢᠨ ᠭᠡᠤᠭᠡᠳ  ᠤᠨ ᠡᠷᠳᠡᠮ ᠬᠦᠭᠡᠭᠡᠴᠡᠯᠳᠦᠬᠦ ᠬᠦᠰᠡᠯ ᠢ ᠠᠴᠢᠶᠠᠯᠠᠨ ᠠᠶᠠᠯᠠᠨ᠎ᠠ

2017-06-06 16:29

6 ᠰᠠᠷ᠎ᠠ ᠶᠢᠨ 5 ᠤ ᠡᠳᠦᠷ ᠳ᠋ᠠ ᠶᠠᠩ ᠱᠤ ᠪᠠᠯᠭᠠᠰᠤᠨ ᠤ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠳᠤ ᠤᠷᠤᠯᠴᠠᠬᠤ ᠰᠤᠷᠤᠭᠴᠢᠳ ᠭᠠᠯᠲᠤ ᠲᠡᠷᠭᠡᠨ ᠳᠤ ᠭᠠᠷᠴᠤ ᠪᠠᠶᠢᠭ᠎᠎ᠠ ᠨᠢ

    ᠲᠤᠬᠠᠢ ᠶᠢᠨ ᠡᠳᠦᠷ᠂ 2017 ᠤᠨ ᠤ ᠤᠯᠤᠰ ᠳᠠᠶᠠᠭᠠᠷ ᠤᠨ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠳᠤ ᠤᠷᠤᠯᠴᠠᠬᠤ 600 ᠭᠠᠷᠤᠢ ᠰᠢᠯᠭᠠᠭᠤᠯᠤᠭᠰᠠᠠᠳ ᠢ ᠰᠠᠭᠤᠯᠭᠠᠬᠰᠠᠨ K5161 ᠡᠭᠡᠯᠵᠢ ᠶᠢᠨ 《 ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠲᠤᠰᠬᠠᠢ ᠭᠠᠯᠲᠤ ᠲᠡᠷᠭᠡ》 ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠷᠴᠤᠨ ᠤ ᠦᠪᠡᠷᠲᠡᠭᠡᠨ ᠵᠠᠰᠠᠬᠤ ᠬᠤᠰᠢᠭᠤ ᠶᠢᠨ ᠳ᠋ᠠ ᠶᠠᠩ ᠱᠤ ᠪᠠᠯᠭᠠᠰᠤᠨ ᠡᠴᠡ ᠬᠦᠳᠡᠯᠵᠤ᠂ 130 ᠭᠠᠷᠤᠢ ᠺᠢᠯᠦᠮᠸᠲ᠋ᠷ ᠤᠨ ᠴᠠᠭᠠᠳᠤᠬᠢ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠤ ᠭᠤᠤᠯ ᠪᠠᠯᠭᠠᠰᠤ ᠶᠢ ᠵᠤᠷᠢᠪᠠ᠃ ᠦᠪᠦᠷ ᠮᠣᠩᠭᠣᠯ ᠤᠨ ᠤᠷᠴᠤᠨ ᠤ ᠦᠪᠡᠷᠲᠭᠡᠨ ᠵᠠᠰᠠᠬᠤ ᠬᠤᠰᠢᠭᠤᠨ ᠤ ᠳ᠋ᠠ ᠶᠠᠩ ᠱᠤ ᠪᠠᠯᠭᠠᠰᠤ ᠶᠡᠭᠡ ᠬᠢᠩᠭ᠋ᠠᠨ ᠲᠠᠪᠠᠭᠠᠨ ᠤ ᠡᠮᠦᠨ᠎ᠠ ᠪᠡᠯ ᠳᠡᠬᠢ ᠤᠷᠴᠤᠨ᠂ ᠳᠠᠭᠤᠷ᠂ ᠡᠸᠡᠩᠭᠢ ᠵᠡᠷᠭᠡ ᠴᠦᠬᠡᠨ ᠲᠤᠭᠠᠲᠤ ᠦᠨᠳᠦᠰᠦᠲᠡᠨ ᠲᠦᠪᠯᠡᠷᠡᠨ ᠰᠠᠭᠤᠷᠢᠰᠢᠬᠰᠠᠨ ᠭᠠᠵᠠᠷ ᠪᠠᠶᠢᠷᠢᠯᠠᠳᠠᠭ᠃ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠴᠢᠭ ᠢ ᠡᠷᠬᠡᠪᠰᠢ ᠬᠤᠰᠢᠭᠤ ( ᠰᠢᠶᠠᠨ) ᠪᠠᠶᠢᠭ᠎ᠠ ᠭᠠᠵᠠᠷ ᠲᠤᠬᠢᠷᠠᠭᠤᠯᠵᠤ᠂ ᠵᠢᠯ ᠪᠤᠯᠭᠠᠨ ᠤ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠳ᠋ᠦ ᠲᠤᠰ ᠪᠠᠯᠭᠠᠰᠤᠨ ᠤ ᠰᠢᠯᠭᠠᠭᠤᠯᠤᠭᠰᠠᠳ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠤ ᠭᠤᠤᠯ ᠪᠠᠯᠭᠠᠰᠤᠨ ᠳᠤ ᠬᠦᠷᠴᠤ ᠰᠢᠯᠭᠠᠯᠲᠠ ᠳᠤ ᠤᠷᠤᠯᠴᠠᠳᠠᠭ᠃ ᠡᠳᠡᠭᠡᠷ ᠰᠢᠯᠭᠠᠭᠤᠯᠤᠭᠰᠠᠳ ᠤᠨ ᠵᠠᠮᠨᠠᠬᠤ ᠬᠦᠴᠢᠷᠳᠡᠯ ᠢ ᠰᠶ᠋ᠢᠳᠪᠦᠷᠢᠯᠡᠬᠦ ᠶᠢᠨ ᠲᠦᠯᠦᠭᠡ᠂ ᠬᠠᠷᠪᠢᠨ ᠤ ᠲᠡᠮᠦᠷ ᠵᠠᠮ ᠤᠨ ᠲᠤᠪᠴᠢᠶ᠎ᠠ 2003 ᠤᠨ ᠡᠴᠡ ᠡᠬᠢᠯᠡᠨ᠂ 15 ᠵᠢᠯ ᠳᠠᠷᠠᠭᠠᠯᠠᠨ《 ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠲᠤᠰᠬᠠᠢ ᠭᠠᠯᠲᠤ ᠲᠡᠷᠭᠡ》 ᠶ᠋ᠢ ᠨᠡᠪᠳᠡᠷᠡᠭᠦᠯᠵᠤ ᠨᠡᠶᠢᠲᠡ 2 ᠲᠦᠮᠡ ᠭᠠᠷᠤᠢ ᠰᠤᠷᠤᠭᠴᠢ  ᠢ ᠠᠮᠤᠷ ᠲᠦᠪᠰᠢᠨ ᠵᠤᠷᠢᠭᠰᠠᠨ ᠭᠠᠵᠠᠷ ᠲᠤ ᠨᠢ ᠬᠦᠷᠭᠡᠭ᠍ᠰᠡᠭᠡᠷ᠃ ( ᠵᠢᠷᠤᠭ ᠢ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠰᠦᠩ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121096534