蒙古文网站Logo
ᠰᠢᠨᠬᠤᠸᠠ ᠮᠤᠩᠭ᠋ᠤᠯ ᠨᠧᠲ

ᠤᠯᠠᠭᠠᠨᠬᠤᠲᠠ ᠡᠴᠡ ᠪᠠᠶᠢᠴᠧᠩ ᠴᠠᠩᠴᠦ᠋ᠨ ᠬᠦᠷᠬᠦ ᠬᠤᠷᠲᠤᠨ ᠤ ᠭᠠᠯᠲᠤ ᠲᠡᠷᠭᠡ ᠤᠲᠠᠬᠤ ᠦᠭᠡᠢ ᠪᠦᠬᠦ ᠱᠤᠭᠤᠮ ᠢᠶᠡᠷ ᠲᠡᠷᠭᠡ ᠨᠡᠪᠲᠡᠷᠡᠬᠦ ᠪᠡᠷ ᠪᠤᠢ

2017-06-07 10:00

    ᠰᠢᠨᠬᠤᠧᠠ ᠮᠤᠩᠭ᠋ᠤᠯ ᠨᠧᠲ  ᠬᠢᠩᠭ᠋ᠠᠨ ᠤ 6 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ (ᠬ • ᠦᠵᠡᠰᠭᠦᠯᠡᠩ ) ᠰᠡᠬᠦᠯ ᠤᠨ ᠦᠶ᠎ᠠ ᠳ᠋ᠤ ᠤᠯᠠᠭᠠᠨᠬᠤᠲᠠ - ᠪᠠᠶᠢᠴᠧᠩ - ᠴᠠᠩᠴᠦ᠋ᠨ ᠬᠤᠭᠤᠷᠤᠨᠲᠤᠬᠢ ᠬᠤᠷᠲᠤᠨ ᠤ ᠲᠡᠮᠦᠷ ᠵᠠᠮ ᠢ ᠲᠤᠷᠰᠢᠨ ᠠᠵᠢᠯᠯᠠᠭᠤᠯᠬᠤ ᠠᠵᠢᠯ ᠠᠮᠵᠢᠯᠲᠠ ᠲᠠᠢ ᠪᠤᠯᠵᠤ᠂ ᠤᠯᠠᠭᠠᠨᠬᠤᠲᠠ ᠡᠴᠡ ᠪᠠᠶᠢᠴᠧᠩ ᠴᠠᠩᠴᠦ᠋ᠨ ᠬᠦᠷᠬᠦ ᠬᠤᠷᠲᠤᠨ ᠤ ᠭᠠᠯᠲᠤ ᠲᠡᠷᠭᠡ ᠤᠲᠠᠬᠤ ᠦᠭᠡᠢ ᠪᠦᠬᠦ ᠱᠤᠭᠤᠮ ᠢᠶᠡᠷ ᠲᠡᠷᠭᠡ ᠨᠡᠪᠲᠡᠷᠡᠬᠦ ᠪᠤᠯᠤᠨ᠎ᠠ᠃

    ᠤᠶᠢᠯᠠᠭᠠᠭᠰᠠᠨ ᠢᠶᠡᠷ᠂ ᠲᠤᠰ ᠬᠤᠷᠲᠤᠨ ᠤ ᠭᠠᠯᠲᠤ ᠲᠡᠷᠭᠡᠨ ᠱᠤᠭᠤᠮ ᠢ 2014 ᠤᠨ ᠡᠴᠡ ᠪᠠᠷᠢᠯᠭ᠎ᠠ ᠡᠬᠢᠯᠡᠬᠦᠯᠵᠦ᠂ ᠪᠦᠬᠦ ᠱᠤᠭᠤᠮ ᠨᠢ 412 ᠺᠢᠯᠤᠮᠧᠲ᠋ᠷ᠂ ᠤᠯᠠᠭᠠᠨᠬᠤᠲᠠ ᠡᠴᠡ ᠭᠡᠭᠡᠨᠰᠦ᠋ᠮ᠎ᠠ᠂ ᠪᠠᠶᠢᠴᠧᠩ᠂ ᠳ᠋ᠠ ᠠᠨ᠂ ᠰᠦᠩᠶᠤᠧᠠᠨ᠂ ᠨᠦᠩ ᠠᠨ ᠢ ᠦᠩᠭᠡᠷᠡᠵᠦ ᠴᠠᠩᠴᠦ᠋ᠨ ᠬᠦᠷᠬᠦ ᠪᠤᠯᠤᠨ᠎ᠠ᠂ ᠡᠨᠡ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠ ᠭᠢᠷᠢᠨ ᠮᠤᠵᠢ ᠶᠢᠨ ᠴᠢᠬᠤᠯᠠ ᠵᠠᠮ ᠱᠤᠭᠤᠮ ᠮᠦᠨ᠂ ᠠᠰᠢᠭᠯᠠᠯᠲᠠ ᠳ᠋ᠤ ᠤᠷᠤᠭᠰᠠᠨ ᠤ ᠲᠠᠷᠠᠭ᠎ᠠ ᠤᠷᠤᠨ ᠪᠦᠰᠡ ᠶᠢᠨ ᠨᠡᠶᠢᠭᠡᠮ ᠡᠳ᠋ ᠤᠨ ᠵᠠᠰᠠᠭ ᠤᠨ ᠬᠦᠭ᠍ᠵᠢᠯᠲᠠ ᠶᠢ ᠲᠠᠶᠢᠴᠢᠯᠠᠨ᠂ ᠢᠷᠭᠡᠳ ᠤᠨ ᠵᠤᠷᠴᠢᠬᠤ ᠴᠠᠭ ᠢ ᠪᠤᠭᠤᠨᠢᠰᠬᠠᠬᠤ ᠪᠤᠯᠤᠨ᠎ᠠ᠃

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121100371