蒙古文网站Logo
ᠰᠢᠨᠬᠤᠸᠠ ᠮᠤᠩᠭ᠋ᠤᠯ ᠨᠧᠲ

ᠪᠠᠶᠠᠨᠨᠠᠭᠤᠷ ᠬᠤᠲᠠ ᠤᠯᠤᠰ ᠤᠨ ᠵᠡᠷᠭᠡᠯᠡᠯ ᠤᠨ ᠡᠺᠰᠫᠤᠷᠲ᠋ᠯᠠᠬᠤ ᠢᠳᠡᠭᠡᠨ ᠲᠠᠷᠢᠶᠠᠯᠠᠩ ᠤᠨ ᠪᠦᠲᠦᠭᠡᠭ᠍ᠲᠡᠬᠦᠨ ᠤ ᠴᠢᠨᠠᠷ ᠴᠢᠨᠰᠠᠭ᠎ᠠ ᠶᠢᠨ ᠠᠶᠤᠯᠭᠦᠢ ᠶᠢᠨ ᠵᠢᠱᠢᠶᠡᠴᠢ ᠬᠤᠲᠠ ᠶᠢ ᠪᠠᠶᠢᠭᠤᠯᠬᠤ ᠪᠡᠷ ᠪᠤᠢ

2017-06-07 11:03

    6 ᠰᠠᠷ᠎ᠠ ᠶᠢᠨ 5 ᠤ ᠡᠳᠦᠷ᠂ ᠪᠠᠶᠠᠨᠨᠠᠭᠤᠷ ᠬᠤᠲᠠ ᠶᠢᠨ ᠵᠠᠰᠠᠭ ᠤᠨ ᠤᠷᠳᠤᠨ ᠦᠪᠦᠷ ᠮᠣᠩᠭᠣᠯ ᠤᠨ ᠬᠢᠯᠢ ᠲᠠᠮᠨᠠᠬᠤ ᠬᠢᠵᠢᠭ᠌ ᠢ ᠰᠡᠷᠭᠡᠶᠢᠯᠡᠨ ᠪᠠᠶᠢᠴᠠᠭᠠᠬᠤ ᠲᠤᠪᠴᠢᠶ᠎ᠠ ᠲᠠᠢ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠲᠤᠭᠲᠠᠵᠤ᠂ ᠤᠯᠤᠰ ᠤᠨ ᠵᠡᠷᠭᠡᠯᠡᠯ ᠤᠨ ᠡᠺᠰᠫᠤᠷᠲ᠋ᠯᠠᠬᠤ ᠢᠳᠡᠭᠡᠨ ᠲᠠᠷᠢᠶᠠᠯᠠᠩ ᠤᠨ ᠪᠦᠲᠦᠭᠡᠭ᠍ᠲᠡᠬᠦᠨ ᠤ ᠴᠢᠨᠠᠷ ᠴᠢᠨᠰᠠᠭ᠎ᠠ ᠶᠢᠨ ᠠᠶᠤᠯᠭᠦᠢ ᠶᠢᠨ ᠵᠢᠱᠢᠶᠡᠴᠢ ᠬᠤᠲᠠ ᠶᠢ ᠬᠠᠮᠲᠤᠪᠡᠷ ᠪᠠᠶᠢᠭᠤᠯᠬᠤ ᠪᠡᠷ ᠪᠤᠯᠪᠠ᠃

    ᠪᠠᠶᠠᠨᠨᠠᠭᠤᠷ ᠬᠤᠲᠠ ᠪᠤᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠵᠢᠴᠢ ᠤᠯᠤᠰ ᠳᠠᠶᠠᠭᠠᠷ ᠤᠨ ᠴᠢᠬᠤᠯᠠ ᠢᠳᠡᠭᠡᠨ ᠲᠠᠷᠢᠶᠠᠯᠠᠩ ᠤᠨ ᠪᠦᠲᠦᠭᠡᠭ᠍ᠲᠡᠬᠦᠨ ᠢ ᠡᠺᠰᠫᠤᠷᠲ᠋ᠯᠠᠬᠤ ᠰᠠᠭᠤᠷᠢᠨ ᠮᠦᠨ᠃ 2016 ᠤᠨ ᠳᠤ ᠲᠠᠷᠢᠶᠠᠯᠠᠩ ᠤᠨ ᠪᠦᠲᠦᠭᠡᠭ᠍ᠲᠡᠬᠦᠨ ᠤ ᠡᠺᠰᠫᠤᠷᠲ᠋ᠯᠠᠭᠰᠠᠨ ᠬᠡᠮᠵᠢᠶ᠎ᠠ 31.09 ᠲᠦᠮᠡᠨ ᠲᠤᠨ ᠳᠤ ᠬᠦᠷᠴᠤ᠂ ᠪᠠᠷᠠᠭᠠᠨ ᠤ ᠦᠷᠲᠡᠭ᠌ 4.2 ᠳ᠋ᠦᠩᠰᠢᠭᠤᠷ ᠳ᠋ᠤᠯᠯᠠᠷ ᠲᠤ ᠬᠦᠷᠴᠤ 40 ᠭᠠᠷᠤᠢ ᠤᠯᠤᠰ ᠪᠤᠯᠤᠨ ᠪᠦᠰᠡ ᠨᠤᠲᠤᠭ ᠢᠶᠡᠷ ᠪᠤᠷᠤᠯᠠᠭᠤᠯᠤᠭᠳᠠᠵᠤ᠂ 7 ᠵᠢᠯ ᠳᠠᠷᠠᠭᠠᠯᠠᠨ ᠤᠷᠤᠨ ᠳᠠᠶᠠᠭᠠᠷ ᠲᠤ ᠲᠡᠷᠢᠭᠦᠯᠪᠠ᠃ ᠤᠳᠤᠬᠠᠨ ᠳᠤ᠂ ᠪᠠᠶᠠᠨᠨᠠᠭᠤᠷ ᠬᠤᠲᠠ ᠲᠦᠪᠡᠳ ᠬᠠᠰᠢ᠂ ᠦᠷ᠎ᠠ ᠶᠢᠨ ᠴᠦᠮ᠎ᠠ ᠬᠤᠶᠠᠷ ᠪᠦᠳᠦᠭᠡᠭ᠍ᠳᠡᠭᠦᠨ ᠤᠯᠤᠰ ᠤᠨ ᠵᠡᠷᠭᠡᠯᠡᠯ ᠤᠨ ᠡᠺᠰᠫᠤᠷᠲ᠋ᠯᠠᠬᠤ ᠰᠠᠭᠤᠷᠢᠨ ᠢ ᠨᠢᠭᠡᠨᠲᠠ ᠪᠠᠶᠢᠭᠤᠯᠵᠤ᠂ ᠤᠨᠴᠠᠯᠢᠭᠲᠤ ᠲᠠᠷᠢᠶᠠᠯᠠᠩ ᠤᠨ ᠭᠠᠷᠤᠯᠲᠠ ᠶᠢᠨ ᠤᠯᠠᠨ ᠤᠯᠤᠰ ᠤᠨ ᠵᠠᠬ᠎ᠠ ᠵᠡᠭᠡᠯᠢ ᠳᠡᠬᠢ ᠨᠦᠯᠦᠭᠡ ᠨᠢ ᠦᠷᠭᠡᠵᠢᠭᠰᠡᠭᠡᠷ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121101107