蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠶᠡᠬᠡᠩᠬᠢ ᠪᠦᠰᠡ ᠨᠤᠲᠤᠭ ᠲᠦ ᠲᠠᠷᠠᠭᠠᠯᠨᠨ ᠭᠡᠳᠦᠨ ᠡᠳᠦᠷ ᠪᠤᠷᠤᠭᠠᠨ ᠤᠷᠤᠭᠰᠠᠨ ᠡᠴᠡ ᠭᠠᠩ ᠤᠨ ᠪᠠᠶᠢᠳᠠᠯ ᠨᠠᠮᠳᠠᠵᠠᠢ

2017-06-07 17:18

    ᠰᠤᠷᠪᠤᠯᠵᠢᠯᠠᠬᠴᠢ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠤᠷᠤᠨ ᠳᠠᠶᠠᠭᠠᠷ ᠤᠨ ᠶᠡᠬᠡᠩᠬᠢ ᠪᠦᠰᠡ ᠨᠤᠲᠤᠭ ᠶᠢᠡᠷ ᠳᠠᠷᠠᠭᠠᠯᠠᠨ 3 ᠡᠳᠦᠷ ᠪᠤᠷᠤᠭᠠᠨ ᠤᠷᠤᠵᠤ᠂ ᠵᠠᠷᠢᠮ ᠨᠤᠲᠤᠭ ᠢᠶᠡᠷ ᠠᠭᠠᠳᠠᠷ ᠪᠤᠷᠤᠭᠠᠨ ᠤᠷᠤᠭᠰᠠᠨ ᠡᠴᠡ ᠡᠬᠢᠨ ᠤ ᠦᠶ᠎ᠠ ᠶᠢᠨ ᠭᠠᠩ ᠤᠨ ᠪᠠᠶᠢᠳᠠᠯ ᠨᠠᠯᠢᠶᠡᠳ ᠨᠠᠮᠳᠠᠵᠠᠢ᠃

    ᠦᠩᠬᠡᠷᠡᠭᠰᠡᠨ ᠬᠡᠰᠡᠭ ᠬᠤᠭᠤᠴᠠᠭᠠᠨ ᠳᠤ᠂ ᠦᠷᠭᠦᠯᠵᠢᠯᠡᠭ᠍ᠰᠡᠨ ᠭᠠᠩ ᠬᠠᠯᠠᠭᠤᠨ᠂ ᠪᠤᠷᠤᠭ᠎ᠠ ᠬᠤᠷ᠎ᠠ ᠦᠬᠡᠢ ᠴᠠᠭ ᠠᠭᠠᠷ ᠨᠢ ᠥᠪᠦᠷ ᠮᠣᠩᠭ᠋ᠤᠯ ᠤᠨ ᠭᠠᠩᠳᠠᠬᠰᠠᠨ ᠲᠠᠯᠠᠪᠠᠢ ᠶᠢ ᠦᠳᠳᠡᠷ ᠲᠦᠷᠭᠡᠨ ᠦᠷᠭᠡᠳᠬᠡᠵᠡᠢ᠃ 6 ᠰᠠᠷ᠎ᠠ ᠶᠢᠨ 3 ᠤ ᠡᠳᠦᠷ ᠪᠤᠯᠲᠠᠯ᠎ᠠ᠂ ᠤᠷᠤᠨ ᠳᠠᠶᠠᠭᠠᠷ ᠤᠨ ᠬᠦᠨᠳᠤ᠂ ᠳᠤᠮᠳᠠ᠂ ᠬᠦᠩᠬᠡᠨ ᠭᠠᠩᠳᠠᠬᠰᠠᠨ ᠲᠠᠯᠠᠪᠠᠢ ᠨᠢ ᠲᠤᠰᠪᠤᠷᠢ 5.2 ᠲᠦᠮᠡᠨ ᠺᠦᠸᠠᠳ᠋ ᠺᠢᠯᠤᠮᠧᠲ᠋ᠷ᠂ 18.5 ᠲᠦᠮᠡᠨ ᠺᠦᠸᠠᠳ᠋ ᠺᠢᠯᠤᠮᠧᠲ᠋ᠷ ᠪᠠ 41 ᠲᠦᠮᠡᠨ ᠺᠦᠸᠠᠳ᠋ ᠺᠢᠯᠤᠮᠧᠲ᠋ᠷ᠂ ᠡᠨᠡ ᠨᠢ ᠤᠷᠤᠨ ᠳᠠᠶᠠᠭᠠᠷ ᠤᠨ ᠶᠡᠷᠦᠩᠬᠡᠢ ᠲᠠᠯᠠᠪᠠᠢ ᠶᠢᠨ 4.4%᠂ 15.6%᠂ 34.7% ᠶᠢ ᠡᠵᠡᠯᠡᠪᠠ᠃

    6 ᠰᠠᠷ᠎ᠠ ᠶᠢᠨ 4 ᠤ ᠡᠳᠦᠷ ᠡᠴᠡ ᠡᠬᠢᠯᠡᠨ ᠶᠡᠬᠡ ᠬᠡᠪᠴᠢᠶ᠎ᠠ ᠪᠡᠷ ᠤᠷᠤᠭᠰᠠᠨ ᠪᠤᠷᠤᠭᠠᠨ ᠭᠠᠩ ᠤᠨ ᠪᠠᠶᠢᠳᠠᠯ ᠢ ᠨᠠᠮᠳᠠᠭᠤᠯᠤᠬᠰᠠᠨ ᠢᠶᠡᠷ ᠪᠠᠷᠠᠬᠤ ᠦᠬᠡᠢ᠂ ᠠᠭᠠᠷ ᠢ ᠴᠡᠪᠡᠷᠰᠢᠬᠦᠯᠵᠦ᠂ ᠠᠭᠠᠷ ᠤᠨ ᠳᠤᠯᠠᠭᠠᠨ ᠢ ᠳᠤᠷᠤᠭᠰᠢᠯᠠᠭᠤᠯᠵᠡᠢ᠃

ᠢᠷᠡᠯᠳᠡ᠄ ᠥᠪᠦᠷ ᠮᠣᠩ᠌ᠭᠤᠯ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121103920