蒙古文网站Logo
ᠰᠢᠨᠬᠤᠸᠠ ᠮᠤᠩᠭ᠋ᠤᠯ ᠨᠧᠲ

ᠦᠬᠠᠢ ᠬᠤᠲᠠ ᠲᠡᠳᠭᠦᠪᠦᠷᠢ ᠶᠢᠨ ᠮᠦᠩᠭᠦ ᠭᠠᠷᠳᠠᠬᠤ ᠳᠤ ᠸᠢᠴᠠᠲ ᠢᠶᠡᠷ《ᠵᠢᠰᠦ ᠪᠡᠷ ᠲᠠᠨᠢᠬᠤ》ᠦᠢᠯᠡᠴᠢᠯᠡᠭᠡ ᠶᠢ ᠬᠡᠷᠡᠭᠵᠢᠭᠦᠯᠪᠠ

2017-06-09 11:44

    ᠦᠪᠦᠷ ᠮᠣᠩᠭᠣᠯ ᠤᠨ ᠦᠬᠠᠢ ᠬᠤᠲᠠ ᠶᠢᠨ ᠬᠦᠮᠦᠨ ᠤ ᠨᠦᠬᠡᠴᠡ ᠨᠡᠶᠢᠭᠡᠮ ᠤᠨ ᠪᠠᠲᠤᠯᠠᠭᠠᠨ ᠤ ᠰᠠᠯᠠᠭ᠎ᠠ ᠮᠦᠴᠢᠷ ᠤᠨ ᠮᠡᠳᠡᠭᠡ ᠮᠡᠳᠡᠭᠡᠯᠡᠯ ᠡᠴᠡ ᠤᠶᠢᠯᠠᠭᠠᠭᠰᠠᠨ ᠢᠶᠡᠷ᠂ ᠦᠬᠠᠢ ᠬᠤᠲᠠ 《 ᠢᠨᠲ᠋ᠸᠷᠨ᠋ᠸᠲ+ ᠬᠦᠮᠦᠨ ᠤ ᠨᠦᠭᠡᠴᠡ ᠨᠡᠶᠢᠭᠡᠮ ᠤᠨ ᠪᠠᠲᠤᠯᠠᠭ᠎ᠠ》 ᠶᠢᠨ ᠠᠵᠢᠯᠯᠠᠭᠠᠨ ᠤ ᠲᠦᠯᠦᠪᠯᠡᠯᠭᠡ ᠶᠢᠨ ᠲᠤᠭᠤᠷᠢᠨ ᠳᠤ᠂ ᠰᠢᠨ᠎ᠠ ᠭᠡᠯᠪᠡᠷᠢ ᠶᠢᠨ ᠦᠢᠯᠡᠴᠢᠯᠡᠭᠡᠨ ᠤ ᠵᠠᠭᠪᠤᠷ ᠢ ᠰᠦᠪᠡᠭ᠍ᠴᠢᠯᠠᠭ᠍ᠰᠡᠭᠡᠷ᠃ ᠲᠦᠷᠦᠭᠦᠬᠡᠨ ᠲᠡᠳᠭᠦᠪᠦᠷᠢ ᠶᠢᠨ ᠮᠦᠩᠭᠦ ᠭᠠᠷᠳᠠᠬᠤ ᠳᠤ ᠸᠢᠴᠠᠲ ᠢᠶᠡᠷ《ᠵᠢᠰᠦ ᠪᠡᠷ ᠲᠠᠨᠢᠬᠤ》ᠪᠠᠲᠤᠯᠠᠬᠤ ᠦᠢᠯᠡᠴᠢᠯᠡᠭᠡ ᠶᠢ ᠬᠡᠷᠡᠭᠵᠢᠭᠦᠯᠪᠠ᠃

    ᠡᠨᠡ ᠠᠷᠭ᠎ᠠ ᠨᠢ ᠲᠡᠳᠭᠦᠪᠤᠷᠢ ᠶᠢᠨ ᠮᠦᠩᠭᠦ ᠭᠠᠷᠳᠠᠬᠤ ᠲᠦᠷᠦᠬᠦᠨ ᠤ ᠠᠷᠭ᠎ᠠ ᠪᠠᠷᠢᠯ ᠲᠠᠢ ᠠᠳᠠᠯᠢ ᠦᠭᠡᠢ᠂ ᠭᠠᠷ ᠤᠳᠠᠰᠤ ᠪᠡᠷ ᠢᠶᠡᠨ 《ᠵᠢᠰᠦ ᠪᠡᠷ ᠲᠠᠨᠢᠬᠤ》ᠪᠠᠲᠤᠯᠠᠭ᠎ᠠ ᠬᠢᠭ᠍ᠰᠡᠭᠡᠷ ᠲᠡᠳᠭᠦᠪᠦᠷᠢ ᠶᠢᠨ ᠮᠦᠩᠭᠦ ᠢᠶᠡᠨ ᠭᠠᠷᠳᠠᠵᠤ ᠪᠤᠯᠬᠤ ᠪᠤᠯᠵᠠᠢ᠃ 《ᠵᠢᠰᠦ ᠪᠡᠷ ᠲᠠᠨᠢᠬᠤ》 ᠪᠠᠲᠤᠯᠠᠬᠤ ᠴᠢᠳᠠᠮᠵᠢ ᠨᠢ 《 ᠦᠬᠠᠢ ᠶᠢᠨ ᠬᠦᠮᠦᠨ ᠤ ᠨᠦᠬᠡᠴᠡ ᠨᠡᠶᠢᠭᠡᠮ ᠤᠨ ᠪᠠᠲᠤᠯᠠᠭ᠎ᠠ》 ᠶᠢᠨ ᠸᠢᠴᠠᠲ ᠤᠨ ᠨᠡᠶᠢᠲᠡ ᠤᠨ ᠲᠠᠪᠴᠠᠩ ᠪᠤᠯᠤᠨ ᠸᠢᠴᠠᠲ ᠤᠨ ᠲᠦᠷᠡᠢᠢᠪᠴᠢ《 ᠬᠤᠲᠠ ᠶᠢᠨ ᠦᠢᠯᠡᠴᠢᠯᠡᠭᠡ》 ᠳᠤ ᠵᠡᠷᠭᠡ ᠪᠡᠷ ᠠᠰᠢᠭᠯᠠᠯᠲᠠ ᠳᠤ ᠤᠷᠤᠪᠠ᠃ ᠡᠮᠦᠨ᠎ᠠ ᠬᠤᠭᠤᠴᠠᠭᠠᠨ ᠳᠤ ᠪᠤᠰᠤᠳ ᠪᠦᠰᠡ ᠨᠤᠲᠤᠭ ᠲᠤ ᠰᠠᠭᠤᠭ᠎ᠠ ᠬᠢᠭᠡᠳ ᠶᠠᠪᠤᠵᠦ ᠰᠠᠭᠤᠬᠤ ᠳ᠋ᠦ ᠲᠦᠭᠦᠮ ᠦᠭᠡᠢ 4000 ᠭᠠᠷᠤᠢ ᠲᠡᠳᠭᠦᠪᠤᠷᠢ ᠳᠤ ᠭᠠᠷᠤᠭᠰᠠᠳ ᠲᠤ ᠦᠢᠯᠡᠴᠢᠯᠡᠭᠡ ᠬᠠᠩᠭ᠋ᠠᠵᠤ᠂ ᠢᠷᠡᠬᠦ ᠵᠢᠯ ᠡᠴᠡ ᠡᠬᠢᠯᠡᠨ ᠬᠤᠲᠠ ᠳᠠᠶᠠᠭᠠᠷ ᠤᠨ ᠪᠦᠬᠦᠶᠢᠯᠡ ᠠᠵᠤ ᠠᠬᠤᠶᠢᠯᠠᠯ ᠡᠴᠡ ᠲᠡᠳᠭᠦᠪᠦᠷᠢ ᠳᠤ ᠭᠠᠷᠤᠭᠰᠠᠳ ᠢ ᠬᠠᠮᠤᠷᠤᠨ᠎ᠠ᠃

    ᠤᠶᠢᠯᠠᠭᠠᠭᠰᠠᠨ ᠢᠶᠡᠷ᠂ ᠦᠬᠠᠢ ᠬᠤᠲᠠ ᠱᠸᠨᠵᠸᠨ ᠤ ᠳᠠᠷᠠᠭ᠎ᠠ ᠪᠠᠷ ᠡᠨᠡᠬᠦ ᠴᠢᠳᠠᠮᠵᠢ ᠶᠢ ᠬᠡᠷᠡᠭᠯᠡᠭᠰᠡᠨ ᠬᠤᠶᠠᠳᠡᠭᠢ ᠬᠤᠲᠠ ᠪᠤᠯᠪᠠ᠂ ᠡᠨᠡ ᠨᠢ ᠦᠬᠠᠢ ᠬᠤᠲᠠ ᠶᠢᠨ ᠤᠯᠤᠰ ᠳᠠᠶᠠᠭᠠᠷ ᠤᠨ 《 ᠴᠠᠬᠢᠮ ᠬᠦᠮᠦᠨ ᠤ ᠨᠦᠬᠡᠴᠡ ᠨᠡᠶᠢᠭᠡᠮ ᠤᠨ ᠪᠠᠲᠤᠯᠠᠭ᠎ᠠ》 ᠶᠢᠨ ᠵᠢᠱᠢᠶᠡᠴᠢ ᠬᠤᠲᠠ ᠪᠤᠯᠬᠤ ᠶᠢᠨ ᠴᠢᠬᠤᠯᠠ ᠠᠷᠭ᠎ᠠ ᠪᠠᠷᠢᠯ ᠤᠨ ᠨᠢᠭᠡ ᠪᠤᠯᠤᠨ᠎ᠠ᠃

ᠢᠷᠡᠯᠳᠡ᠄ ᠲᠦᠪ ᠤᠨ ᠷᠠᠳ᠋ᠢᠤ᠋ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121115477