蒙古文网站Logo
ᠰᠢᠨᠬᠤᠸᠠ ᠮᠤᠩᠭ᠋ᠤᠯ ᠨᠧᠲ

《 ᠦᠪᠦᠷ ᠮᠣᠩᠭᠣᠯ ᠤᠨ ᠠᠯᠠᠱᠠ ᠵᠡᠭᠦᠨ ᠬᠤᠰᠢᠭᠤᠨ ᠤ 5.0 ᠲᠡᠰ ᠤᠨ ᠭᠠᠵᠠᠷ ᠬᠦᠳᠡᠯᠦᠯᠲᠡ ᠶᠢᠨ ᠬᠦᠴᠦᠳᠡᠯ ᠤᠨ ᠵᠢᠷᠤᠭ》 ᠢ ᠨᠡᠶᠢᠲᠡᠯᠡᠪᠡ

2017-06-09 16:14

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠭᠠᠵᠠᠷ ᠬᠦᠳᠡᠯᠦᠯᠲᠡ ᠶᠢᠨ ᠲᠤᠪᠴᠢᠶ᠎ᠠ 7 ᠤ ᠡᠳᠦᠷ 《 ᠦᠪᠦᠷ ᠮᠣᠩᠭᠣᠯ ᠤᠨ ᠠᠯᠠᠱᠠ ᠵᠡᠭᠦᠨ ᠬᠤᠰᠢᠭᠤᠨ ᠤ 5.0 ᠲᠡᠰ ᠤᠨ ᠭᠠᠵᠠᠷ ᠬᠦᠳᠡᠯᠦᠯᠲᠡ ᠶᠢᠨ ᠬᠦᠴᠦᠳᠡᠯ ᠤᠨ ᠵᠢᠷᠤᠭ》 ᠢ᠋ ᠠᠯᠪᠠᠨ ᠶᠤᠰᠤᠭᠠᠷ ᠨᠡᠶᠢᠲᠡᠯᠡᠵᠤ᠂ ᠦᠪᠦᠷ ᠮᠣᠩᠭᠣᠯ ᠤᠨ ᠠᠯᠠᠱᠠ ᠵᠡᠭᠦᠨ ᠬᠤᠰᠢᠭᠤᠨ ᠤ 5.0 ᠲᠡᠰ ᠤᠨ ᠭᠠᠵᠠᠷ ᠬᠦᠳᠡᠯᠦᠯᠲᠡ ᠶᠢᠨ ᠪᠦᠰᠡ ᠶᠢᠨ ᠬᠦᠴᠦᠳᠡᠯ ᠨᠢ Ⅵᠭ᠍ᠷᠠᠳ᠋ᠦ᠋ᠰ ᠲᠤ ᠬᠦᠷᠴᠠᠢ᠃

    ᠪᠡᠭᠡᠵᠢᠩ ᠤᠨ ᠴᠠᠭ ᠢᠶᠡᠷ᠂ 6ᠰᠠᠷ᠎ᠠ ᠶᠢᠨ 3 ᠤ ᠡᠳᠦᠷ ᠤᠨ 18᠄ 11 ᠴᠠᠭ ᠲᠤ᠂ ᠠᠯᠠᠱᠠ ᠠᠶᠢᠮᠠᠬ ᠤᠨ ᠠᠯᠠᠱᠠ ᠵᠡᠭᠦᠨ ᠬᠤᠰᠢᠭᠤᠨ ᠳᠤ 5.0 ᠲᠡᠰ ᠤᠨ ᠭᠠᠵᠠᠷ ᠬᠦᠳᠡᠯᠦᠯᠲᠡ ᠡᠭᠦᠰᠴᠤ᠂ ᠭᠠᠵᠠᠷ ᠬᠦᠳᠡᠯᠦᠯᠲᠡ ᠶᠢᠨ ᠬᠦᠢᠰᠤ ᠨᠢ 15 ᠺᠢᠯᠦᠮᠸᠲ᠋ᠷ ᠪᠤᠯᠪᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠭᠠᠵᠠᠷ ᠬᠦᠳᠡᠯᠦᠯᠲᠡ ᠶᠢᠨ ᠲᠤᠪᠴᠢᠶ᠎ᠠ 7 ᠤ ᠡᠳᠦᠷ ᠤᠨ ᠮᠡᠳᠡᠭᠡᠯᠡᠯ ᠳᠤ ᠪᠡᠨ ᠭᠠᠵᠠᠷ ᠬᠦᠳᠡᠯᠦᠯᠲᠡ ᠡᠭᠦᠰᠦᠭᠰᠡᠨ ᠤ ᠳᠠᠷᠠᠭ᠎ᠠ᠂ ᠪᠠᠴᠢᠮ ᠬᠤᠯᠪᠤᠭᠠᠯᠠᠨ ᠠᠵᠢᠯᠯᠠᠬᠤ ᠪᠠᠭ ᠤᠨ 20 ᠮᠡᠷᠭᠡᠵᠢᠯᠲᠡᠨ ᠭᠠᠵᠠᠷ ᠳᠡᠭᠡᠷ᠎ᠠ ᠨᠢ ᠭᠦᠨᠵᠡᠭᠡᠶᠢᠷᠡᠵᠤ᠂ ᠠᠯᠠᠱᠠ ᠠᠶᠢᠮᠠᠬ ᠤᠨ ᠠᠯᠠᠱᠠ ᠵᠡᠭᠦᠨ ᠬᠤᠰᠢᠭᠤᠨ ᠤ 48 ᠪᠠᠶᠢᠴᠠᠭᠠᠯᠲᠠ ᠶᠢᠨ ᠴᠢᠭ᠌ ᠤᠨ ᠭᠡᠷ ᠪᠠᠶᠢᠰᠢᠩ ᠪᠠᠷᠢᠯᠭ᠎ᠠ ᠳᠤ ᠪᠠᠶᠢᠴᠠᠭᠠᠯᠲᠠ ᠬᠢᠪᠡ᠃

    ᠪᠠᠶᠢᠴᠠᠭᠠᠯᠲᠠ ᠪᠡᠷ ᠳᠠᠮᠵᠢᠨ᠂ ᠲᠤᠰ ᠤᠳᠠᠭᠠᠨ ᠤ ᠭᠠᠵᠠᠷ ᠬᠦᠳᠡᠯᠦᠯᠲᠡ ᠶᠢᠨ ᠬᠦᠴᠦᠳᠠᠯ Ⅵᠭ᠍ᠷᠠᠳ᠋ᠦ᠋ᠰ ᠲᠤ ᠬᠦᠷᠦᠭᠰᠡᠨ ᠢ ᠲᠤᠳᠤᠯᠠᠪᠠ᠃ ᠭᠤᠤᠯᠳᠠᠭᠤ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠡᠷᠬᠡ ᠬᠠᠰᠬ᠎ᠠ ᠰᠤᠮᠤᠨ ᠤ ᠬᠢᠨ ᠭᠠᠵᠠᠷ ᠬᠦᠳᠡᠯᠦᠯᠲᠡ ᠶᠢᠨ ᠭᠠᠮᠰᠢᠭ ᠲᠤ ᠳᠠᠭᠠᠷᠢᠭᠳᠠᠵᠠᠢ᠃ ᠡᠭᠦᠨ ᠡᠴᠡ ᠭᠠᠳᠠᠨ᠎ᠠ᠂ Ⅵᠭ᠍ᠷᠠᠳ᠋ᠦ᠋ᠰ  ᠤᠨ ᠭᠠᠳᠠᠨᠠᠬᠢ ᠬᠡᠰᠡᠭ ᠭᠠᠴᠠᠭᠠᠨ  ᠳᠤ ᠪᠠᠰᠠ ᠲᠤᠷᠭᠢᠯᠲᠠ ᠮᠡᠳᠡᠭᠳᠡᠵᠦ᠂ ᠤᠨᠴᠠ ᠵᠠᠷᠢᠮ ᠰᠠᠭᠤᠭᠠᠯᠢ ᠠᠷᠠᠳ ᠤᠨ ᠭᠡᠷ ᠪᠠᠶᠢᠰᠢᠩ ᠪᠠᠭ᠎ᠠ ᠬᠡᠮᠵᠢᠶᠡᠨ ᠳᠤ ᠡᠪᠳᠡᠭᠳᠡᠵᠠᠢ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121116961