蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠩᠬᠠᠳᠠᠭᠴᠢ ᠤᠶᠤᠨᠴᠢ ᠬᠤᠲᠠ ᠶᠢᠨ ᠦᠵᠡᠭᠦᠯᠦᠯᠭᠡ ᠮᠡᠳᠡᠷᠡᠮᠵᠢ ᠶᠢᠨ ᠲᠦᠪ ᠪᠠᠶᠢᠭᠤᠯᠤᠭᠳᠠᠪᠠ

2017-06-13 11:11

    ᠦᠪᠦᠷ ᠮᠣᠩᠭᠣᠯ ᠤᠨ ᠠᠩᠬᠠᠳᠠᠭᠴᠢ ᠤᠶᠤᠨᠴᠢ ᠬᠤᠲᠠ ᠶᠢᠨ ᠦᠵᠡᠭᠦᠯᠦᠯᠭᠡ ᠮᠡᠳᠡᠷᠡᠮᠵᠢ ᠶᠢᠨ ᠲᠦᠪ ᠪᠤᠭᠤᠲᠤ ᠬᠤᠲᠠ ᠶᠢᠨ ᠪᠠᠶᠠᠬᠤᠪᠤᠭ᠎ᠠ ᠳᠤ ᠪᠠᠶᠢᠭᠤᠯᠤᠭᠳᠠᠪᠠ᠃

    ᠤᠶᠤᠨᠴᠢ ᠪᠠᠶᠠᠨ ᠦᠵᠡᠬᠦᠯᠦᠯᠭᠡ ᠶᠢᠨ ᠮᠡᠳᠡᠷᠡᠮᠵᠢ ᠶᠢᠨ ᠲᠦᠪ ᠲᠤ ᠤᠷᠤᠪᠠᠯ᠂ ᠮᠠᠰᠢᠨ ᠬᠦᠮᠦᠨ ᠱᠢᠶᠤᠤ ᠪᠠᠢ ᠤᠭᠲᠤᠨ ᠠᠪᠴᠤ ᠵᠠᠮᠴᠢᠯᠠᠨ᠎ᠠ᠂ VR ᠨᠢᠳᠦᠨ ᠰᠢᠯ ᠢ ᠵᠡᠭᠦᠭ᠍ᠰᠡᠭᠡᠷ ᠬᠡᠶᠢᠲᠤ ᠪᠦᠮᠪᠦᠭᠡ ᠪᠡᠷ ᠤᠭᠲᠤᠷᠭᠤᠢ ᠳᠤ ᠭᠠᠷᠴᠤ ᠪᠠᠶᠠᠨ ᠤ ᠪᠦᠬᠦ ᠦᠵᠡᠮᠵᠢ ᠶᠢ ᠰᠤᠨᠢᠷᠬᠠᠨ᠎ᠠ᠂ ᠠᠮᠤᠭᠤᠯᠠᠩ ᠪᠠᠶᠠᠨ ᠲᠤᠮᠤ ᠳ᠋ᠠᠶᠢᠲ᠋ᠠ ᠶᠢᠨ ᠰᠡᠷᠭᠡᠶᠢᠯᠡᠨ ᠵᠠᠬᠢᠷᠠᠬᠤ ᠲᠠᠪᠴᠠᠩ᠂ 667 ᠵᠠᠮ ᠤᠨ ᠺᠠᠮᠸᠷᠠ ᠪᠠᠶᠠᠨ  ᠳᠤ ᠤᠷᠤᠭᠰᠠᠨ ᠮᠠᠰᠢᠨ ᠲᠡᠷᠭᠡ ᠨᠦᠬᠦᠳ ᠢ ᠳᠠᠭᠠᠨ ᠵᠢᠷᠤᠭᠯᠠᠨ᠎ᠠ᠂ ᠭᠠᠷ ᠤᠲᠠᠰᠤᠨ ᠤmac ᠬᠠᠶᠠᠭ᠂ ᠸᠢᠴᠠᠲ ᠤᠨ ID ᠪᠤᠯᠤᠨ ᠮᠠᠰᠢᠨ ᠲᠡᠷᠭᠡᠨ ᠤ ᠶᠠᠪᠤᠭᠰᠠᠨ ᠵᠠᠮ ᠢ ᠪᠠᠶᠢᠴᠠᠭᠠᠨ ᠲᠤᠳᠤᠯᠠᠵᠤ ᠴᠢᠳᠠᠳᠠᠭ᠃

    ᠤᠳᠤᠬᠠᠨ ᠳᠤ᠂ ᠤᠶᠤᠨᠴᠢ ᠬᠤᠲᠠ ᠶᠢᠨ ᠦᠵᠡᠭᠦᠯᠦᠯᠭᠡ ᠮᠡᠳᠡᠷᠡᠮᠵᠢ ᠶᠢᠨ ᠲᠦᠪ ᠨᠢ ᠳᠠᠭᠤ᠂ ᠭᠡᠷᠡᠯ᠂ ᠴᠠᠬᠢᠯᠭᠠᠨ ᠵᠡᠷᠭᠡ ᠰᠢᠨ᠎ᠠ ᠲᠸᠭ᠍ᠨᠤᠯᠤᠭᠢ ᠶᠢ ᠠᠰᠢᠭᠯᠠᠵᠤ᠂ ᠮᠡᠳᠡᠷᠡᠭᠦᠯᠬᠦ᠂ ᠠᠵᠢᠯᠯᠠᠭᠤᠯᠬᠤ᠂ ᠵᠢᠭᠤᠯᠴᠢᠯᠠᠯ᠂ ᠰᠤᠷᠭᠠᠨ ᠬᠦᠮᠦᠵᠢᠯ ᠵᠡᠷᠭᠡ ᠬᠦᠷᠢᠶ᠎᠎ᠠ ᠴᠡᠷ᠎ᠠ ᠶᠢ ᠪᠦᠬᠦ ᠲᠠᠯ᠎ᠠ ᠶᠢᠨ᠂ ᠪᠤᠰᠤᠭᠠᠯᠵᠢᠨ᠂ ᠤᠯᠠᠨ ᠬᠠᠷᠠᠭᠠᠰᠤ ᠡᠴᠡ ᠤᠶᠤᠨᠴᠢ ᠪᠠᠶᠠᠨ ᠤ ᠬᠦᠭ᠍ᠵᠢᠯᠲᠠ ᠶᠢᠨ ᠪᠠᠶᠢᠳᠠᠯ ᠪᠤᠯᠤᠨ ᠢᠷᠡᠭᠡᠳᠦᠢ ᠢᠢ ᠮᠡᠳᠡᠷᠡᠭᠦ ᠪᠤᠯᠤᠨ᠎ᠠ᠃ ᠡᠭᠦᠨ ᠡᠴᠡ ᠭᠠᠳᠠᠨ᠎ᠠ᠂ ᠠᠮᠤᠭᠤᠯᠠᠩ ᠪᠠᠶᠠᠨ᠂ ᠨᠠᠮ ᠤᠨ ᠭᠡᠰᠢᠭᠦᠳ ᠤᠨ ᠲᠤᠮᠤ ᠳ᠋ᠠᠶᠢᠲ᠋ᠠᠴᠢᠯᠠᠭᠰᠠᠨ ᠬᠠᠮᠢᠶᠠᠷᠤᠯᠲᠠ᠂ ᠤᠶᠤᠨᠴᠢ ᠨᠡᠶᠢᠭᠡᠮ ᠲᠤᠭᠤᠷᠢᠭ᠂ ᠤᠶᠤᠨᠴᠢ ᠬᠠᠮᠢᠶᠠᠷᠤᠯᠲᠠ ᠶᠢᠨ ᠨᠸᠲ ᠪᠤᠯᠤᠨ ᠵᠠᠰᠠᠭ ᠤᠨ ᠶᠠᠪᠤᠳᠠᠯ ᠤᠨ ᠨᠡᠶᠢᠲᠡ ᠶᠢᠨ ᠲᠠᠪᠴᠠᠩ ᠵᠡᠷᠭᠡ ᠢᠢ ᠪᠠᠶᠢᠭᠤᠯᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121134108