蒙古文网站Logo
ᠰᠢᠨᠬᠤᠸᠠ ᠮᠤᠩᠭ᠋ᠤᠯ ᠨᠧᠲ

ᠬᠤᠩᠬ᠋ᠤᠷ ᠤᠨ ᠳᠠᠯ᠎ᠠ ᠡᠴᠡ ᠡᠬᠢᠯᠡᠭᠰᠡᠨ ᠬᠠᠤᠯᠢ ᠲᠦᠭᠡᠮᠡᠯᠵᠢᠬᠦᠯᠬᠦ ᠠᠶᠠᠨ -《ᠬᠠᠤᠯᠢ ᠴᠠᠭᠠᠵᠠ ᠵᠢ ᠬᠦᠳᠡᠭᠡ ᠲᠦᠭᠡᠮᠡᠯᠵᠢᠬᠦᠯᠬᠦ》ᠠᠵᠢᠯᠯᠠᠭ᠎ᠠ ᠴᠤᠩᠵᠢᠨ ᠭᠠᠴᠠᠭᠠᠨ ᠳᠤ ᠶᠠᠪᠤᠭᠳᠠᠪᠠ

2017-06-13 13:11

    ᠠᠭᠤᠯᠠ ᠨᠢᠷᠤᠭᠤᠨ ᠳᠤᠨᠢ ᠡᠭᠦᠯᠡᠨ ᠬᠡ ᠪᠦᠵᠢᠭᠯᠡᠵᠤ᠂ ᠠᠭᠤᠳᠠᠮ ᠬᠦᠨᠳᠡᠢ ᠳᠤᠨᠢ ᠮᠠᠯ ᠰᠦᠷᠦᠭ ᠢᠷᠠᠢᠢᠯᠴᠠᠬᠰᠠᠨ᠂ ᠰᠠᠢᠢᠬᠠᠨ ᠬᠠᠨ ᠤ ᠬᠤᠷᠮᠤᠢ ᠳᠡᠬᠢ ᠬᠤᠩᠬ᠋ᠤᠷ ᠤᠨ ᠳᠠᠯ᠎ᠠ ᠵᠢᠨ ᠳᠡᠨᠵᠢᠨ ᠳᠡᠭᠡᠷᠡᠬᠢ ᠳᠠᠨᠠᠨ ᠴᠠᠭᠠᠨ ᠮᠤᠩᠭᠤᠯ ᠦᠷᠬᠦᠭᠡᠨ ᠳᠤ ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ ᠪᠤᠯᠤᠨ ᠪᠠᠭᠠᠷᠢᠨ ᠪᠠᠷᠠᠭᠤᠨ ᠬᠤᠰᠢᠭᠤᠨ ᠤ ᠵᠢᠷᠭᠠᠯ ᠤᠨ ᠵᠠᠮ ᠰᠤᠮᠤᠨ ᠦ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠴᠡ ᠬᠠᠮᠳᠤᠷᠠᠨ ᠡᠷᠬᠢᠯᠡᠭᠰᠡᠨ《ᠬᠠᠤᠯᠢ ᠴᠠᠭᠠᠵᠠ ᠵᠢ ᠬᠦᠳᠡᠭᠡ ᠲᠦᠭᠡᠮᠡᠯᠵᠢᠬᠦᠯᠬᠦ》ᠠᠵᠢᠯᠯᠠᠭ᠎ᠠ 6 ᠰᠠᠷ᠎ᠠ ᠵᠢᠨ 10  ᠤ ᠡᠳᠤᠷ ᠠᠮᠵᠢᠯᠳᠠ ᠲᠦᠬᠦᠷᠡᠩ ᠶᠠᠪᠤᠬᠳᠠᠯ᠎ᠠ᠃

ᠦᠢᠯᠡ ᠠᠵᠢᠯᠯᠠᠭᠠᠨ ᠤ ᠳᠠᠯᠠᠪᠤᠷ

    ᠦᠪᠡᠷᠲᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠵᠢ ᠪᠠᠶᠠᠷᠯᠠᠨ ᠤᠬᠳᠤᠵᠤ᠂《ᠬᠠᠤᠯᠢ ᠲᠦᠭᠡᠮᠡᠯᠵᠢᠬᠦᠯᠦᠯᠳᠡ ᠵᠢᠨ ᠬᠤᠤᠰ ᠬᠡᠯᠡᠨ ᠤ ᠤᠢᠢᠯᠡᠴᠢᠯᠡᠭᠡ ᠵᠢ ᠴᠢᠩᠭᠠᠳᠬᠠᠵᠤ᠂ ᠡᠶ᠎ᠠ ᠵᠤᠬᠢᠴᠠᠯᠳᠤ ᠨᠡᠢᠢᠭᠡᠮ ᠢ ᠪᠦᠲᠦᠭᠡᠨ ᠪᠠᠢᠢᠭᠤᠯᠬᠤ》 ᠪᠡᠷ ᠭᠤᠤᠯ ᠰᠡᠳᠤᠪ ᠪᠤᠯᠭᠠᠵᠦ᠂《 ᠪᠤᠳᠠᠳᠠᠢ ᠲᠠᠢ ᠤᠢᠢᠷᠠᠳᠴᠤ᠂ ᠠᠮᠢᠳᠤᠷᠠᠯ ᠲᠠᠢ ᠤᠢᠢᠷᠠᠳᠴᠤ᠂ ᠤᠯᠠᠨ ᠲᠦᠮᠡᠨ ᠲᠠᠢ ᠤᠢᠢᠷᠠᠳᠴᠤ》᠂ ᠦᠨᠳᠦᠰᠦᠨ ᠱᠠᠳᠤᠨ ᠤ ᠬᠠᠤᠯᠢᠵᠢᠯ ᠤᠨ ᠪᠠᠢᠢᠭᠤᠯᠤᠯᠳᠠ ᠵᠢ ᠳᠦᠷᠭᠡᠳᠬᠡᠨ ᠠᠬᠢᠭᠤᠯᠵᠤ᠂ 《ᠳᠤᠯᠤᠭ᠎ᠠ ᠳᠠᠪᠤ》ᠬᠠᠤᠯᠢ ᠲᠦᠭᠡᠮᠡᠯᠵᠢᠬᠦᠯᠦᠯᠳᠡ ᠵᠢᠨ ᠠᠵᠢᠯ ᠢ ᠨᠠᠢᠢᠳᠠᠪᠤᠷᠢᠭᠤᠯᠤᠨ᠂ ᠮᠠᠯᠴᠢᠨ ᠲᠠᠷᠢᠶᠠᠴᠢᠨ ᠤ ᠬᠠᠤᠯᠢ ᠶᠢᠨ ᠳᠤᠬᠠᠢ ᠤᠢᠢᠯᠠᠭᠠᠬᠳᠠᠬᠤᠨ ᠪᠠ ᠬᠠᠤᠯᠢ ᠴᠠᠭᠠᠵᠠ ᠵᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠪᠡᠷ ᠵᠤᠷᠢᠯᠭ᠎ᠠ ᠪᠡᠨ ᠪᠤᠯᠭᠠᠭᠰᠠᠨ ᠳᠤᠰ ᠤᠳᠠᠭᠠᠨ ᠦ ᠠᠵᠢᠯᠯᠠᠭ᠎ᠠ ᠨᠢ ᠳᠤᠰᠬᠠᠢ ᠮᠡᠷᠭᠡᠵᠢᠯᠳᠡᠨ ᠶᠠᠷᠢᠶ᠎ᠠ ᠳᠠᠢᠢᠯᠤᠮᠵᠢ ᠬᠢᠬᠦ᠂ ᠮᠠᠯᠴᠢᠳ ᠲᠤ ᠬᠠᠤᠯᠢ ᠵᠢᠨ ᠵᠦᠪᠯᠡᠯᠭᠡ ᠦᠭᠬᠦ᠂ ᠰᠤᠨᠢᠨ ᠬᠦᠷᠭᠡᠬᠦ ᠵᠡᠷᠭᠡ ᠭᠤᠷᠪᠠᠨ ᠠᠭᠤᠯᠭ᠎ᠠ ᠪᠡᠷ ᠶᠠᠪᠤᠭᠳᠠᠭᠰᠠᠨ ᠨᠢ ᠳᠤᠬᠠᠢ ᠵᠢᠨ ᠭᠠᠵᠠᠷ ᠤᠨ ᠮᠠᠯᠴᠢᠳ ᠤᠨ ᠬᠠᠯᠠᠭᠤᠨ ᠬᠦᠷᠢᠶᠡᠯᠡᠯ ᠢ ᠶᠡᠬᠡᠪᠡᠷ ᠤᠯᠵᠦ᠂ ᠤᠢᠢᠷ᠎ᠠ ᠤᠷᠴᠢᠮ ᠤᠨ ᠮᠠᠯᠴᠢᠳ ᠮᠤᠩᠭᠤᠯ ᠵᠢᠠᠷ ᠵᠢᠠᠨ ᠭᠤᠶᠤᠯᠠᠵᠠᠭᠠᠨ ᠦᠷᠦᠭᠡ ᠲᠦᠬᠦᠷᠡᠩ ᠰᠠᠭᠤᠯᠴᠠᠭᠰᠠᠨ ᠪᠠᠢᠢᠨ᠎ᠠ᠃

ᠦᠢᠯᠡ ᠠᠵᠢᠯᠯᠠᠭᠠᠨ ᠤ ᠳᠠᠯᠠᠪᠤᠷ

    ᠠᠵᠢᠯᠯᠠᠭᠠᠨ ᠦ ᠳᠤᠬᠠᠢ ᠵᠢᠨ ᠳᠠᠯᠠᠪᠤᠷ ᠲᠤ ᠪᠠᠭᠠᠷᠢᠨ ᠪᠠᠷᠠᠭᠤᠨ ᠬᠤᠰᠢᠭᠤᠨ ᠦ ᠠᠷᠠᠳ ᠤᠨ ᠪᠠᠢᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ᠂ ᠳᠤᠳᠤᠭᠠᠳᠤ ᠵᠢ ᠬᠠᠮᠠᠭᠠᠯᠠᠬᠤ ᠳᠤᠪᠴᠢᠶ᠎ᠠ᠂ ᠬᠠᠤᠯᠢ ᠴᠠᠭᠠᠵᠠ ᠵᠢᠨ ᠳᠤᠪᠴᠢᠶ᠎ᠠ᠂ ᠷᠠᠳᠢᠣ᠋ ᠲᠧᠯᠧᠢᠰ ᠳᠤᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠵᠢᠷᠭᠠᠯ ᠤᠨ ᠵᠠᠮ ᠰᠤᠮᠤᠨ ᠦ ᠨᠠᠮ ᠤᠨ ᠬᠤᠷᠢᠶ᠎ᠠ᠂ ᠵᠠᠰᠠᠭ ᠤᠨ ᠤᠷᠳᠤᠨ ᠦ ᠤᠳᠤᠷᠢᠳᠤᠯᠭ᠎ᠠ ᠵᠢᠴᠢ ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ ᠦ ᠬᠢᠨ ᠤᠷᠤᠯᠴᠠᠵᠦ᠂ ᠤᠨᠴᠠᠭᠠᠢᠢᠯᠠᠨ ᠳᠤᠮᠳᠠᠳᠤ ᠤᠯᠤᠰ ᠤᠨ ᠨᠡᠢᠢᠭᠡᠮ ᠬᠠᠤᠯᠢ ᠵᠦᠢ ᠵᠢᠨ ᠰᠤᠳᠤᠯᠭᠠᠨ ᠤ ᠵᠦᠪᠯᠡᠯ ᠤᠨ ᠬᠡᠷᠡᠭ ᠡᠷᠬᠢᠯᠡᠭᠴᠢ᠂ ᠦᠪᠦᠷ ᠮᠤᠩᠭᠤᠯ ᠤᠨ ᠶᠡᠬᠡ ᠰᠤᠷᠭᠠᠭᠤᠯᠢ ᠵᠢᠨ ᠬᠠᠤᠯᠢ ᠵᠦᠢ ᠵᠢᠨ ᠳᠡᠭᠡᠳᠤ ᠰᠤᠷᠭᠠᠭᠤᠯᠢ ᠵᠢᠨ ᠳᠡᠳ᠋ ᠫᠷᠤᠹᠧᠰᠰᠤᠷ᠂ ᠦᠪᠤᠷ ᠮᠤᠩᠭᠤᠯ  ᠤᠨ ᠽᠧ ᠮᠢᠩ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠴᠡᠩᠭᠡᠯᠳᠤ ᠪᠤᠯᠤᠨ ᠦᠪᠤᠷ ᠮᠤᠩᠭᠤᠯ ᠤᠨ ᠽᠧ ᠮᠢᠩ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠠᠯᠳᠠᠠᠧᠴᠢᠷ ᠵᠡᠷᠭᠡ ᠬᠠᠤᠯᠢ ᠵᠢᠨ ᠤᠬᠠᠭᠠᠨ ᠤ ᠳᠤᠰᠬᠠᠢ ᠮᠡᠷᠭᠡᠵᠢᠯᠳᠡᠨ ᠢ ᠳᠤᠰᠬᠠᠢᠢᠯᠠᠨ ᠤᠷᠢᠵᠤ᠂ ᠮᠠᠯᠴᠢᠳ ᠲᠤ ᠬᠠᠤᠯᠢ ᠴᠠᠭᠠᠵᠠ ᠵᠢᠨ ᠶᠠᠷᠢᠶ᠎ᠠ ᠳᠠᠢᠢᠯᠤᠮᠵᠢ ᠬᠢᠯᠭᠡᠭᠰᠡᠨ ᠪᠠᠢᠢᠨ᠎ᠠ᠃

ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ ᠤ ᠳᠡᠳ᠋ ᠶᠡᠷᠦᠩᠬᠡᠶ ᠨᠠᠶᠢᠷᠠᠭᠤᠯᠤᠭᠴᠢ ᠴᠢᠬᠢᠷᠠᠭ

    ᠴᠡᠩᠭᠡᠯᠳᠤ ᠫᠷᠤᠹᠧᠰᠰᠤᠷ ᠮᠠᠯᠵᠢᠬᠤ ᠤᠷᠤᠨ ᠳᠤ ᠤᠷᠤᠰᠢᠵᠤ ᠪᠠᠢᠢᠭ᠎ᠠ ᠦᠷᠢ ᠦᠭᠴᠡᠭᠡ ᠵᠢᠭᠡᠯᠡᠯᠭᠡ ᠵᠢᠨ ᠳᠤᠬᠠᠢ ᠬᠠᠤᠯᠢ ᠴᠠᠭᠠᠵᠠ ᠢᠢᠨ ᠳᠠᠯ᠎ᠠ ᠪᠡᠷ ᠶᠠᠷᠢᠶ᠎ᠠ ᠳᠠᠢᠢᠯᠤᠮᠵᠢ ᠬᠢᠵᠤ᠂ ᠠᠷᠠᠳ ᠤᠨ ᠬᠤᠭᠤᠷᠤᠨᠳᠤᠬᠢ ᠵᠢᠭᠡᠯᠡᠯᠭᠡ᠂ ᠦᠷᠢ ᠦᠭᠴᠡᠭᠡ ᠵᠢᠭᠡᠯᠡᠯᠭᠡ ᠵᠢᠨ ᠤᠴᠢᠷ ᠲᠤ ᠮᠠᠯᠴᠢᠳ ᠶᠠᠭᠤ ᠵᠢ ᠠᠩᠬᠠᠷᠪᠠᠯ ᠵᠤᠬᠢᠬᠤ᠂ ᠬᠠᠤᠯᠢ ᠴᠠᠭᠠᠵᠠ ᠵᠢᠨ ᠳᠠᠯ᠎ᠠ ᠪᠡᠷ ᠶᠠᠮᠠᠷ ᠲᠦᠷᠢᠮ ᠳᠤᠭᠳᠠᠭᠠᠯ ᠪᠠᠢᠢᠬᠤ ᠳᠤᠬᠠᠢ ᠪᠤᠳᠠᠳᠤ ᠵᠢᠱᠢᠶ᠎ᠠ ᠲᠠᠢ ᠤᠶᠠᠯᠳᠤᠭᠤᠯᠤᠨ ᠨᠠᠷᠢᠯᠢᠭ ᠰᠠᠢᠢᠬᠠᠨ ᠵᠠᠳᠠᠯᠤᠨ ᠶᠠᠷᠢᠭᠰᠠᠨ ᠪᠠᠢᠢᠨ᠎ᠠ᠃

ᠵᠢᠷᠭᠠᠯ ᠤᠨ ᠵᠠᠮ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠬᠤᠷᠴᠠ

    ᠠᠯᠳᠠᠠᠧᠴᠢᠷ ᠬᠠᠤᠯᠢᠴᠢ ᠨᠤᠲᠤᠭ ᠪᠡᠯᠴᠢᠭᠡᠷ ᠭᠠᠵᠠᠷ ᠰᠢᠷᠤᠢ ᠵᠢᠨ ᠡᠷᠬᠡ ᠵᠢ ᠳᠤᠳᠤᠯᠠᠬᠤ ᠳᠤᠬᠠᠢ ᠬᠠᠮᠢᠶ᠎ᠠ ᠪᠦᠬᠦᠢ ᠠᠰᠠᠭᠤᠳᠠᠯ ᠤᠨ ᠳᠤᠭᠤᠷᠢᠨ ᠳᠤ ᠬᠠᠤᠯᠢ ᠴᠠᠭᠠᠵᠠ ᠵᠢᠨ ᠳᠠᠢᠢᠯᠤᠮᠵᠢ ᠬᠢᠵᠤ᠂ ᠮᠠᠯᠴᠢᠨ ᠲᠦᠮᠡᠨ ᠤ ᠬᠠᠮᠤᠭ ᠡᠴᠡ ᠠᠩᠬᠠᠷᠤᠨ ᠬᠠᠯᠠᠮᠵᠢᠯᠠᠵᠤ ᠪᠠᠢᠢᠭ᠎ᠠ ᠨᠤᠲᠤᠭ ᠪᠡᠯᠴᠢᠭᠡᠷ ᠭᠠᠵᠠᠷ ᠰᠢᠷᠤᠢ ᠵᠢᠨ ᠡᠷᠬᠡ ᠵᠢ ᠳᠤᠳᠤᠯᠠᠬᠤ ᠳᠤᠬᠠᠢ ᠨᠠᠷᠢᠯᠢᠭ ᠵᠤᠢᠢᠯᠡᠰ ᠢ ᠬᠠᠤᠯᠢ ᠴᠠᠭᠠᠵᠠ ᠵᠢᠨ ᠬᠠᠮᠢᠶ᠎ᠠ ᠪᠦᠬᠦᠢ ᠳᠦᠷᠢᠮ ᠳᠤᠬᠲᠠᠭᠠᠯ ᠤᠨ ᠳᠠᠯ᠎ᠠ ᠡᠴᠡ ᠤᠴᠢᠵᠤ ᠨᠠᠷᠢᠯᠢᠭ ᠵᠠᠳᠠᠯᠤᠨ ᠳᠠᠢᠢᠯᠪᠤᠷᠢᠯᠠᠯᠳᠠ ᠬᠢᠵᠠᠢ᠃ ᠡᠭᠦᠨ ᠤ ᠵᠡᠷᠭᠡᠪᠡᠷ᠂ ᠠᠵᠢᠯᠯᠠᠭ᠎ᠠ ᠵᠢᠨ ᠠᠬᠤᠢ ᠳᠠᠯᠠᠪᠠᠢ ᠳᠤ ᠬᠦᠷᠦᠯᠴᠠᠨ ᠢᠷᠡᠭᠰᠡᠨ ᠮᠠᠯᠴᠢᠳ ᠦᠪᠡᠷ ᠲᠤ ᠨᠢ ᠳᠤᠯᠭᠠᠷᠠᠵᠤ ᠪᠠᠢᠢᠭ᠎ᠠ ᠪᠤᠶᠤ ᠬᠠᠵᠠᠭᠤ ᠬᠠᠪᠢ ᠪᠡᠷ ᠨᠢ ᠤᠷᠤᠰᠢᠵᠤ ᠪᠠᠢᠢᠭ᠎ᠠ ᠨᠤᠲᠤᠭ ᠪᠡᠯᠴᠢᠭᠡᠷ ᠪᠤᠶᠤ ᠦᠷᠢ ᠵᠢᠭᠡᠯᠡᠯᠭᠡ ᠵᠢᠨ ᠠᠰᠠᠭᠤᠳᠠᠯ ᠲᠠᠢ ᠬᠤᠯᠪᠤᠬᠳᠠᠬᠰᠠᠨ ᠤᠴᠢᠷ ᠤᠨ ᠳᠤᠬᠠᠢ ᠬᠠᠤᠯᠢ ᠴᠠᠭᠠᠵᠠ ᠵᠢᠨ ᠵᠦᠪᠯᠡᠯᠭᠡ ᠠᠪᠴᠤ᠂ ᠬᠤᠶᠠᠷ ᠳᠤᠰᠬᠠᠢ ᠮᠡᠷᠭᠡᠵᠢᠯᠳᠡᠨ ᠡᠴᠡ ᠮᠠᠯᠴᠢᠳ ᠤᠨ ᠠᠰᠠᠭᠤᠯᠳᠠ ᠶᠢ ᠬᠠᠤᠯᠢ ᠴᠠᠭᠠᠵᠠ ᠵᠢᠨ ᠪᠤᠳᠠᠳᠤ ᠳᠦᠷᠢᠮ ᠳᠤᠬᠲᠠᠭᠠᠯ ᠲᠠᠢ ᠤᠶᠠᠯᠳᠤᠭᠤᠯᠤᠨ ᠨᠠᠷᠢᠯᠢᠭ ᠤᠢᠢᠯᠠᠭᠠᠮᠵᠢᠳᠠᠢ ᠳᠠᠢᠢᠯᠪᠤᠷᠢᠯᠡᠨ ᠶᠠᠷᠢᠵᠦ ᠵᠦᠪᠯᠡᠯᠭᠡ ᠦᠭᠬᠦᠭᠰᠡᠨ ᠪᠠᠢᠢᠨ᠎ᠠ᠃

ᠴᠤᠩᠵᠢᠨ ᠭᠠᠴᠠᠭᠠᠨ ᠤ ᠨᠠᠮ ᠤᠨ ᠡᠬᠦᠷ ᠤᠨ ᠱᠦᠵᠢ ᠪᠠᠳᠤᠪᠠᠶᠠᠷ

    ᠠᠵᠢᠯᠯᠠᠭᠠᠨ ᠳᠡᠭᠡᠷ᠎ᠠ ᠮᠦᠨ ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ ᠦ ᠬᠢᠨ ᠴᠤᠩᠵᠢᠨ ᠭᠠᠴᠠᠭ᠎ᠠ ᠡᠴᠡ 5 ᠰᠢᠯᠢᠳᠡᠭ ᠤᠩᠰᠢᠭᠴᠢ ᠰᠤᠩᠭᠤᠵᠦ᠂ 2018 ᠤᠨ ᠦ 《ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ》  ᠤ᠋ ᠪᠦᠬᠦ ᠵᠢᠯ ᠤᠨ ᠬᠡᠪᠯᠡᠯ ᠢ ᠦᠨ᠎ᠠ ᠲᠦᠯᠦᠪᠤᠷᠢ ᠦᠭᠡᠢ ᠪᠡᠷ ᠬᠦᠷᠭᠡᠬᠦ ᠪᠡᠷ ᠳᠤᠭᠳᠠᠭᠰᠠᠨ ᠪᠠᠢᠢᠨ᠎ᠠ᠃

ᠤᠷᠢᠭᠳᠠᠭᠰᠠᠨ ᠬᠠᠤᠯᠢᠴᠢ ᠠᠯᠳᠠᠠᠧᠴᠢᠷ(ᠵᠡᠬᠦᠨ ᠭᠠᠷ ᠳᠠᠯ᠎ᠠ) ᠪᠤᠯᠤᠨ ᠴᠡᠩᠬᠡᠯᠳᠦ(ᠪᠠᠷᠠᠭᠤᠨ ᠭᠠᠷ ᠳᠠᠯ᠎ᠠ)

    ᠬᠠᠤᠯᠢ ᠵᠢᠨ ᠡᠮᠦᠨ᠎ᠡ ᠬᠦᠮᠦᠨ ᠪᠦᠬᠦᠨ ᠡᠷᠬᠡ ᠳᠡᠭᠰᠢ᠂ ᠬᠦᠮᠦᠨ ᠪᠦᠬᠦᠨ ᠬᠠᠤᠯᠢ ᠴᠠᠭᠠᠵᠠ ᠵᠢᠨ ᠵᠦᠪ ᠤᠬᠠᠮᠰᠠᠷ ᠳᠠᠢ ᠪᠤᠯᠬᠤ ᠨᠢ ᠤᠳᠤᠬᠠᠨ ᠤ ᠬᠠᠤᠯᠢᠵᠢᠯ ᠤᠨ ᠪᠠᠢᠢᠭᠤᠯᠤᠯᠳᠠ ᠵᠢᠨ ᠴᠢᠬᠤᠯᠠ ᠵᠤᠢᠢᠯ ᠪᠤᠯᠬᠤ ᠶᠤᠮ᠃ ᠠᠷᠠᠳ ᠤᠯᠠᠨ ᠡᠷᠬᠡ ᠠᠰᠢᠭ ᠵᠢᠡᠨ ᠬᠠᠮᠠᠭᠠᠯᠠᠬᠤ ᠳᠤ ᠬᠠᠤᠯᠢ ᠴᠠᠭᠠᠵᠠ ᠪᠤᠯ ᠬᠠᠮᠤᠭ ᠤᠨ ᠭᠦᠴᠦᠳᠤ ᠵᠡᠪᠰᠡᠭ ᠶᠤᠮ᠂ ᠬᠦᠮᠦᠨ ᠪᠦᠬᠦᠨ ᠠᠷᠠᠳ ᠳᠠᠶᠠᠭᠠᠷ ᠬᠠᠤᠯᠢ ᠵᠢ ᠰᠤᠷᠤᠯᠴᠠᠵᠦ᠂ ᠬᠠᠤᠯᠢ ᠵᠢ ᠤᠢᠢᠯᠠᠭᠠᠵᠤ ᠮᠡᠳᠡᠬᠦ ᠨᠢ ᠬᠠᠤᠯᠢ ᠲᠦᠭᠡᠮᠡᠯᠵᠢᠬᠦᠯᠬᠦ ᠠᠵᠢᠯ ᠤᠨ ᠬᠠᠮᠤᠭ ᠤᠨ ᠦᠨᠳᠦᠰᠦᠨ ᠱᠠᠭᠠᠷᠳᠠᠯᠭ᠎ᠠ ᠪᠠᠢᠢᠵᠤ ᠳᠠᠭᠠᠷᠠᠨ᠎ᠠ᠃ ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ ᠦ ᠬᠢᠨ ᠳᠤᠰ ᠤᠳᠠᠭᠠᠨ ᠤ 《ᠬᠠᠤᠯᠢ ᠴᠠᠭᠠᠵᠠ ᠵᠢ ᠬᠦᠳᠡᠭᠡ ᠲᠦᠭᠡᠮᠡᠯᠵᠢᠬᠦᠯᠬᠦ》 ᠠᠵᠢᠯᠯᠠᠭ᠎ᠠ ᠵᠢ ᠬᠠᠤᠯᠢ ᠴᠠᠭᠠᠵᠠ ᠵᠢᠨ ᠳᠤᠬᠠᠢ ᠤᠢᠢᠯᠠᠭᠠᠵᠤ ᠮᠡᠳᠡᠬᠦ ᠬᠠᠮᠤᠭ ᠤᠨ ᠪᠠᠴᠢᠮ ᠬᠡᠷᠡᠭᠴᠡᠭᠡ ᠱᠠᠭᠠᠷᠳᠠᠯᠭ᠎ᠠ ᠲᠠᠢ ᠪᠠᠢᠢᠭ᠎ᠠ ᠬᠠᠮᠤᠭ ᠦᠨᠳᠦᠰᠦᠨ ᠱᠠᠳᠤᠨ ᠤ ᠮᠠᠯᠴᠢᠨ ᠲᠦᠮᠡᠨ ᠤ ᠬᠠᠵᠠᠭᠤ ᠳᠤ ᠬᠦᠷᠭᠡᠵᠤ᠂ ᠳᠡᠳᠡᠨᠤᠰ ᠤᠨ ᠠᠮᠢᠳᠤᠷᠠᠯ ᠦᠢᠯᠡᠳᠪᠤᠷᠢᠯᠡᠯ ᠳᠠᠢ ᠨᠢᠬᠳᠠ ᠬᠤᠯᠪᠤᠭ᠎ᠠ ᠲᠠᠢ ᠬᠠᠤᠯᠢ ᠴᠠᠭᠠᠵᠠ ᠵᠢ ᠤᠬᠠᠭᠤᠯᠤᠨ ᠲᠦᠭᠡᠮᠡᠯᠵᠢᠬᠦᠯᠦᠭᠰᠡᠨ ᠪᠦᠭᠡᠳ ᠠᠵᠢᠯᠯᠠᠭ᠎ᠠ ᠵᠢᠨ ᠠᠬᠤᠢ ᠳᠠᠯᠠᠪᠠᠢ ᠡᠴᠡ ᠢᠩᠺᠧ ᠰᠤᠹᠲ ᠵᠢᠠᠷ ᠰᠢᠭᠤᠳ ᠨᠡᠪᠲᠡᠷᠡᠬᠦᠯᠭᠡ ᠬᠢᠵᠤ᠂ ᠳᠤᠬᠠᠢ ᠵᠢᠨ ᠳᠠᠯᠠᠪᠤᠷ ᠲᠤ ᠬᠦᠷᠴᠤ ᠳᠡᠢᠢᠯᠦᠭᠡ ᠦᠭᠡᠢ ᠨᠡᠩ ᠤᠯᠠᠨ ᠮᠠᠯᠴᠢᠨ ᠲᠦᠮᠡᠨ ᠦ ᠬᠠᠷᠠᠮᠰᠠᠯ ᠢ ᠳᠠᠶᠢᠯᠤᠭᠰᠠ ᠪᠠᠢᠢᠨ᠎ᠠ᠃

ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ ᠡᠴᠡ ᠴᠤᠩᠵᠢᠨ ᠭᠠᠴᠠᠭ᠎ᠠ ᠳᠤ ᠰᠤᠨᠢᠨ ᠰᠡᠳᠬᠦᠯ ᠬᠦᠷᠬᠡᠪᠡ

    ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ ᠡᠴᠡ ᠭᠤᠤᠯᠯᠠᠨ ᠡᠷᠬᠢᠯᠡᠨ ᠶᠠᠪᠤᠭᠳᠠᠭᠤᠯᠵᠦ ᠪᠠᠢᠢᠭ᠎ᠠ《ᠬᠠᠤᠯᠢ ᠴᠠᠭᠠᠵᠠ ᠵᠢ ᠬᠦᠳᠡᠭᠡ ᠲᠦᠭᠡᠮᠡᠯᠵᠢᠬᠦᠯᠬᠦ》ᠠᠵᠢᠯᠯᠠᠭ᠎ᠠ ᠨᠢ ᠴᠤᠩᠵᠢᠨ ᠭᠠᠴᠠᠭᠠᠨ ᠡᠴᠡ ᠠᠩᠬᠠᠨ ᠦ ᠭᠠᠷᠤᠭ᠎ᠠ ᠪᠡᠨ ᠠᠪᠴᠤ᠂ ᠦᠭᠡᠷ᠎ᠠ ᠪᠤᠰᠤᠳ ᠭᠠᠵᠠᠷ ᠤᠷᠤᠨ ᠪᠤᠶᠤ ᠬᠦᠳᠡᠭᠡ ᠳᠤᠰᠬᠤᠨ ᠮᠠᠯᠵᠢᠬᠤ ᠳᠠᠷᠢᠶᠠᠯᠠᠬᠤ ᠤᠷᠤᠨ ᠵᠢᠠᠷ ᠦᠷᠬᠦᠯᠵᠢᠯᠡᠨ ᠶᠠᠪᠤᠭᠳᠠᠬᠤ ᠪᠤᠯᠤᠨ᠎ᠠ᠃(ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ ᠤ ᠰᠤᠷᠪᠤᠯᠵᠢᠯᠠᠬᠴᠢ ᠤᠷᠠᠨᠲᠠᠨ᠎ᠠ ᠪᠠᠶᠠᠷᠴᠡᠩᠭᠡᠯ)

ᠮᠠᠯᠴᠢᠨ ᠬᠠᠤᠯᠢ ᠶᠢᠨ ᠵᠦᠪᠯᠡᠯᠬᠡ ᠠᠪᠴᠤ ᠪᠠᠶᠢᠭ᠎ᠠ ᠨᠢ

ᠦᠢᠯᠡ ᠠᠵᠢᠯᠯᠠᠭᠠᠨ ᠤ ᠳᠠᠯᠠᠪᠤᠷ

ᠦᠢᠯᠡ ᠠᠵᠢᠯᠯᠠᠭᠠᠨ ᠳᠤ ᠤᠷᠤᠯᠴᠠᠭᠴᠢ ᠰᠤᠷᠪᠤᠯᠵᠢᠯᠠᠭ᠎ᠠ ᠬᠦᠯᠢᠶᠡᠵᠤ ᠪᠠᠶᠢᠭ᠎ᠠ ᠨᠢ

ᠢᠷᠡᠯᠳᠡ᠄ ᠰᠢᠨᠬᠤᠧᠠ ᠮᠤᠩᠭᠤ᠋ᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121141661