蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠠᠩᠬᠠᠨ ᠤ ᠵᠤᠷᠪᠤᠰ ᠬᠤᠷᠳᠤᠨ ᠤ ᠵᠠᠮ ᠢ ᠲᠤᠷᠰᠢᠨ ᠠᠵᠢᠯᠯᠠᠭᠤᠯᠬᠤ ᠪᠡᠷ ᠪᠤᠢ

2017-06-15 17:30

    ᠰᠢᠨᠬᠤᠸᠠ ᠬᠤᠷᠢᠶ᠎ᠠ  ᠬᠦᠬᠡᠬᠤᠳᠠ ᠶᠢᠨ 6 ᠰᠠᠷ᠎ᠠ ᠶᠢᠨ 13 ᠤ ᠡᠳᠤᠷ ᠤᠨ ᠴᠠᠬᠢᠯᠭᠠᠨ ᠮᠡᠳᠡᠬᠡ(ᠰᠤᠷᠪᠤᠯᠵᠢᠯᠠᠭᠴᠢ ᠸᠧᠢ ᠵᠢᠩ ᠢᠤᠢ) 13 ᠤ ᠡᠳᠤᠷ ᠡᠴᠡ ᠡᠬᠢᠯᠡᠨ ᠦᠪᠦᠷ ᠮᠤᠩᠭ᠋ᠤᠯ ᠤᠨ ᠠᠩᠬᠠᠨ ᠤ ᠵᠤᠷᠪᠤᠰ ᠬᠤᠷᠳᠤᠨ ᠤ ᠵᠠᠮ ᠴᠢᠭᠤᠯᠤᠯᠳᠤ ᠬᠠᠭᠠᠯᠭ᠎ᠠ - ᠬᠦᠬᠡᠬᠤᠳᠠ ᠴᠢᠭᠯᠡᠯ ᠤᠨ ᠠᠶᠠᠨᠴᠢᠨ ᠤ ᠲᠤᠰᠬᠠᠢ ᠱᠤᠭᠤᠮ ᠤᠨ ᠤᠯᠠᠭᠠᠨᠴᠠᠪ ᠡᠴᠡ ᠬᠦᠬᠡᠬᠤᠳᠠ ᠵᠡᠬᠦᠨ ᠦᠷᠳᠡᠬᠡ ᠶᠢᠨ ᠬᠡᠰᠡᠭ  ᠲᠤᠷᠰᠢᠨ ᠠᠶᠠᠯᠠᠭᠤᠯᠬᠤ ᠬᠤᠭᠤᠴᠠᠭᠠᠨ ᠳᠤ ᠤᠷᠤᠵᠤ᠂ ᠠᠯᠪᠠᠨ ᠶᠤᠰᠤ ᠪᠡᠷ ᠠᠶᠠᠯᠠᠭᠤᠯᠬᠤ ᠳᠤ ᠪᠠᠨ ᠪᠡᠯᠡᠳᠬᠡᠯ ᠬᠢᠵᠤ ᠪᠤᠢ᠃ 

    ᠬᠦᠬᠡᠬᠤᠳᠠ ᠶᠢᠨ ᠲᠡᠮᠦᠷ ᠵᠠᠮ ᠤᠨ ᠲᠤᠪᠴᠢᠶ᠎ᠠ ᠶᠢᠨ ᠲᠠᠨᠢᠯᠴᠠᠭᠤᠯᠤᠭᠰᠠᠨ ᠢᠶᠡᠷ᠂ ᠲᠤᠷᠰᠢᠨ ᠠᠶᠠᠯᠠᠭᠤᠯᠬᠤ ᠨᠢ ᠭᠠᠯᠳᠤ ᠲᠡᠷᠬᠡᠨ ᠤ ᠲᠤᠨᠤᠭ ᠲᠦᠭᠦᠭᠡᠷᠦᠮᠵᠢ ᠶᠢᠨ ᠰᠠᠭᠠᠳᠠᠯ ᠪᠤᠯᠤᠨ ᠪᠠᠶᠢᠭᠠᠯᠢ ᠶᠢᠨ ᠭᠠᠮᠰᠢᠭ ᠢ ᠠᠷᠭᠠᠴᠭᠠᠠᠬᠤ ᠴᠢᠳᠠᠪᠦᠷᠢ ᠪᠤᠯᠤᠨ ᠪᠤᠰᠤᠳ ᠢᠯᠡᠷᠡᠵᠤ ᠮᠡᠳᠡᠬᠦ ᠠᠰᠠᠭᠤᠳᠠᠯ ᠢ ᠰᠢᠯᠭᠠᠨ ᠰᠢᠶ᠋ᠳᠪᠦᠷᠢᠯᠡᠵᠤ ᠠᠯᠪᠠᠨ ᠶᠤᠰᠤ ᠪᠡᠷ ᠠᠶᠠᠯᠠᠬᠤ ᠳᠤ ᠮᠡᠷᠬᠡᠵᠢᠯ ᠤᠨ ᠦᠨᠳᠤᠰᠦᠯᠡᠯ ᠪᠤᠯᠭᠠᠨ᠎ᠠ᠂ ᠲᠤᠷᠰᠢᠨ ᠠᠶᠠᠯᠠᠭᠤᠯᠬᠤ ᠬᠠᠮᠤᠭ ᠤᠨ ᠤᠬᠤᠷ ᠬᠤᠭᠤᠴᠠᠭ᠎ᠠ ᠶᠢ ᠰᠠᠷ᠎ᠠ ᠪᠠᠷ ᠲᠤᠬᠲᠠᠭᠠᠪᠠ᠃

    ᠴᠢᠭᠤᠯᠤᠯᠳᠤ ᠬᠠᠭᠠᠯᠭ᠎ᠠ - ᠬᠦᠬᠡᠬᠤᠳᠠ ᠴᠢᠭᠯᠡᠯ ᠤᠨ ᠠᠶᠠᠨᠴᠢᠨ ᠤ ᠭᠠᠯᠳᠤ ᠶᠢᠨ ᠲᠤᠰᠬᠠᠢ ᠱᠤᠭᠤᠮ ᠤᠨ ᠤᠯᠠᠭᠠᠨᠴᠠᠪ ᠡᠴᠡ ᠬᠦᠬᠡᠬᠤᠳᠠ ᠵᠡᠬᠦᠨ ᠦᠷᠳᠡᠬᠡ ᠶᠢᠨ ᠬᠡᠰᠡᠭ ᠢ 7 ᠰᠠᠷ᠎ᠠ ᠶᠢᠨ ᠰᠡᠬᠦᠯᠴᠢ ᠪᠡᠷ ᠠᠰᠢᠭᠯᠠᠯᠳᠠ ᠳᠤ ᠤᠷᠤᠭᠤᠯᠬᠤ ᠨᠢ ᠦᠪᠦᠷ ᠮᠤᠩᠭ᠋ᠤᠯ ᠤᠨ ᠬᠤᠷᠳᠤᠨ ᠤ ᠵᠠᠮ  ᠤᠨ ᠬᠤᠭᠤᠰᠤᠨ ᠢ ᠨᠦᠬᠦᠪᠦᠷᠢᠯᠡᠬᠦ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121150844