蒙古文网站Logo
ᠰᠢᠨᠬᠤᠸᠠ ᠮᠤᠩᠭ᠋ᠤᠯ ᠨᠧᠲ

ᠰᠢᠯᠢ ᠶᠢᠨ ᠭᠤᠤᠯ ᠠᠶᠢᠮᠠᠭ ᠤᠨ 1.88 ᠳ᠋ᠦᠩᠰᠢᠭᠤᠷ ᠮᠦ ᠪᠡᠯᠴᠢᠭᠡᠷ ᠭᠠᠩᠳᠠᠪᠠ

2017-06-16 16:12

    ᠬᠠᠪᠤᠷ ᠡᠴᠡ ᠨᠠᠭᠠᠰᠢ ᠰᠢᠯᠢ ᠶᠢᠨ ᠭᠤᠤᠯ ᠠᠶᠢᠮᠠᠭ ᠲᠤ ᠬᠤᠷ᠎ᠠ ᠲᠤᠨᠳᠠᠰᠤ ᠴᠦᠭᠡᠨ᠂ ᠳᠤᠮᠳᠠᠴᠢ ᠠᠭᠠᠷ ᠤᠨ ᠳᠤᠯᠠᠭᠠᠨ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠡᠴᠡ 1.9 ᠭᠷᠠᠳ᠋ᠦ᠋ᠰ ᠦᠨᠳᠦᠷ ᠪᠠᠶᠢᠪᠠ᠃ ᠡᠮᠦᠨ᠎ᠠ ᠪᠦᠰᠡ ᠨᠤᠲᠤᠭ ᠵᠢᠴᠢ ᠤᠯᠠᠭᠠᠢ ᠬᠠᠮᠢᠶᠠᠷᠤᠯᠲᠠ ᠶᠢᠨ ᠤᠷᠤᠨ ᠤ ᠳᠤᠨᠳᠠᠰᠤᠨ ᠤ ᠬᠤᠷᠠᠮᠳᠤᠬᠰᠠᠨ ᠬᠡᠮᠵᠢᠶ᠎ᠠ 40.1-78.6 ᠮᠢᠯᠢᠮᠧᠲ᠋ᠷ ᠪᠠᠶᠢᠵᠤ᠂ ᠪᠤᠰᠤᠳ ᠪᠦᠰᠡ ᠨᠤᠲᠤᠭ ᠤᠨ ᠲᠤᠨᠳᠠᠰᠤᠨ ᠤ ᠬᠡᠮᠵᠢᠶ᠎ᠠ ᠳᠦᠩᠭᠡᠵᠤ 15.1-27.3 ᠮᠢᠯᠢᠮᠧᠲ᠋ᠷ ᠲᠤ ᠬᠦᠷᠴᠤ ᠪᠤᠢ᠃ 6 ᠰᠠᠷ᠎ᠠ ᠶᠢᠨ ᠡᠬᠢ ᠪᠡᠷ᠂ ᠰᠢᠯᠢ ᠶᠢᠨ ᠭᠤᠤᠯ ᠠᠶᠢᠮᠠᠭ ᠲᠤ ᠨᠢᠭᠡ ᠯᠡ ᠤᠳᠠᠭ᠎ᠠ ᠶᠡᠬᠡ ᠬᠡᠪᠴᠢᠶ᠎ᠠ ᠲᠠᠢ ᠪᠤᠷᠤᠭ᠎ᠠ ᠤᠷᠤᠭᠰᠠᠨ ᠪᠤᠯᠪᠠᠴᠤ ᠡᠤᠮᠠᠷᠡᠲᠤ ᠬᠡᠰᠡᠭ ᠤᠨ ᠬᠢᠨᠢ ᠲᠤᠨᠳᠠᠰᠤᠨ ᠤ ᠬᠡᠮᠵᠢᠶ᠎ᠠ 5 ᠮᠢᠯᠢᠮᠧᠲ᠋ᠷ ᠴᠤ ᠬᠦᠷᠬᠦ ᠦᠭᠡᠢ᠂ ᠪᠤᠷᠤᠭᠠᠨ ᠤ ᠳᠠᠷᠠᠭ᠎ᠠ ᠰᠠᠯᠬᠢ ᠶᠡᠬᠡᠳᠡᠢ ᠪᠠᠶᠢᠭᠰᠠᠨ ᠡᠴᠡ ᠬᠦᠷᠦᠰᠦᠨ ᠤ ᠴᠢᠭᠢᠭ᠌ ᠳᠦᠷᠬᠡᠨ ᠠᠭᠤᠷᠰᠢᠵᠤ ᠭᠠᠩ ᠤᠨ ᠪᠠᠶᠢᠳᠠᠯ ᠢ ᠬᠡᠴᠡᠭᠦᠳᠡᠭᠦᠯᠵᠠᠢ᠃

    ᠤᠳᠤᠬᠠᠨ ᠳᠤ᠂ ᠰᠢᠯᠢ ᠶᠢᠨ ᠭᠤᠤᠯ ᠠᠶᠢᠮᠠᠭ ᠤᠨ 1.88 ᠳ᠋ᠦᠩᠰᠢᠭᠤᠷ ᠮᠦ ᠪᠡᠯᠴᠢᠭᠡᠷ᠂ 105 ᠲᠦᠮᠡᠨ ᠮᠦ ᠲᠠᠷᠢᠶ᠎ᠠ ᠭᠠᠩᠳᠠᠵᠤ᠂ 13 ᠬᠤᠰᠢᠭᠤ ᠰᠢᠶᠠᠨ ᠬᠤᠲᠠ ( ᠳᠤᠭᠤᠷᠢᠭ) ᠶᠢᠨ 70 ᠰᠤᠮᠤ ᠪᠠᠯᠭᠠᠰᠤ ᠶᠢᠨ 27.13 ᠲᠦᠮᠡᠨ ᠬᠦᠮᠦᠨ ᠵᠢᠴᠢ 643 ᠲᠦᠮᠡᠨ ᠮᠠᠯ ᠭᠠᠩ ᠤᠨ ᠪᠠᠶᠢᠳᠠᠯ ᠳᠤ ᠨᠦᠯᠦᠬᠡᠯᠡᠭᠳᠡᠵᠡᠢ᠃ ᠡᠭᠦᠨ ᠳᠤ᠂ 5.99 ᠲᠦᠮᠡᠨ ᠬᠦᠮᠤᠨ ᠪᠠ 166 ᠲᠦᠮᠡᠨ ᠮᠠᠯ ᠤᠨ ᠤᠰᠤ ᠤᠮᠳᠠ ᠶᠢᠨ ᠠᠰᠠᠭᠤᠳᠠᠯ ᠳᠤᠯᠭᠠᠮ᠎ᠠ ᠪᠤᠯᠵᠤ ᠪᠤᠢ᠃

    ᠬᠦᠨᠲᠤ ᠬᠡᠴᠡᠭᠦᠦ ᠭᠠᠩ ᠤᠨ ᠪᠠᠶᠢᠳᠠᠯ ᠳᠤ ᠴᠢᠭᠯᠡᠭᠦᠯᠦᠨ ᠰᠢᠯᠢ ᠶᠢᠨ ᠭᠤᠤᠯ ᠠᠶᠢᠮᠠᠭ ᠡᠴᠡ ᠭᠠᠩ ᠲᠠᠢ ᠲᠡᠮᠡᠴᠡᠬᠦ ᠠᠷᠭ᠎ᠠ ᠪᠤᠳᠤᠯᠭ᠎ᠠ ᠢᠢ ᠪᠦᠬᠦ ᠲᠠᠯ᠎ᠠ ᠪᠡᠷ ᠲᠤᠤᠱᠯᠠᠭᠤᠯᠵᠤ᠂ ᠭᠠᠮᠰᠢᠭ ᠡᠴᠡ ᠪᠤᠯᠤᠭᠰᠠᠨ ᠬᠤᠬᠢᠷᠠᠯ ᠢ ᠪᠦᠬᠦ ᠬᠦᠴᠦᠨ ᠢᠶᠡᠷ ᠪᠠᠭᠠᠰᠬᠠᠬᠤ ᠶᠢᠨ ᠬᠠᠮᠲᠤ ᠠᠢᠢᠮᠠᠬ ᠤᠨ ᠲᠠᠷᠤᠭ᠎ᠠ ᠶᠢᠨ ᠪᠡᠯᠡᠳᠭᠡᠯ ᠮᠦᠩᠭᠦ ᠡᠴᠡ 3000 ᠲᠦᠮᠡᠨ ᠲᠦᠬᠦᠷᠢᠭ ᠪᠠᠴᠢᠮ ᠪᠠᠭᠤᠯᠭᠠᠨ ᠭᠠᠩ ᠲᠠᠢ ᠲᠡᠮᠡᠴᠡᠵᠤ ᠭᠠᠮᠰᠢᠭ ᠡᠴᠡ ᠠᠪᠤᠷᠠᠬᠤ ᠠᠵᠢᠯ ᠳᠤ ᠲᠤᠰᠬᠠᠢ ᠵᠠᠷᠤᠴᠠᠭᠤᠯᠵᠦ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121157199