蒙古文网站Logo
ᠰᠢᠨᠬᠤᠸᠠ ᠮᠤᠩᠭ᠋ᠤᠯ ᠨᠧᠲ

ᠡᠯᠢᠬᠡ ᠨᠢᠬᠡᠳᠡᠨ ᠤ ᠬᠠᠯᠠᠭᠤᠨ ᠳᠤᠰᠠᠯᠠᠯᠴᠠᠭ᠎ᠠ ᠤᠷᠤᠨ ᠠᠯᠤᠰᠯᠠᠭᠰᠠᠨ ᠰᠤᠶᠤᠯ ᠤᠨ ᠬᠠᠷᠢᠯᠴᠠᠭ᠎ᠠ - ᠦᠪᠦᠷ ᠮᠤᠩᠭᠤᠯ ᠤᠨ ᠬᠤᠶᠠᠷ ᠴᠠᠬᠠᠷ ᠮᠠᠯᠴᠢᠨ ᠪᠤᠷᠤᠳᠠᠯ᠎ᠠ ᠶᠢᠨ ᠴᠠᠬᠠᠷᠴᠤᠳ ᠲᠤ ᠴᠠᠭᠠᠨ ᠢᠳᠡᠬᠡ ᠬᠢᠬᠦ ᠮᠡᠷᠬᠡᠵᠢᠯ ᠤᠯᠠᠮᠵᠢᠯᠠᠬᠤ ᠪᠡᠷ ᠮᠤᠷᠳᠠᠯ᠎ᠠ

2017-06-17 17:59

    ᠰᠢᠨᠬᠤᠧᠠ ᠮᠤᠩᠭᠤᠯ ᠨᠧᠲ   ᠬᠦᠬᠡᠬᠤᠳᠠ ᠶᠢᠨ 6 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠬᠡ (ᠪᠤᠯᠤᠷᠴᠡᠴᠡᠭ) ᠳᠤᠰ ᠡᠳᠦᠷ᠂ ᠴᠠᠬᠠᠷ ᠰᠤᠶᠤᠯ ᠤᠨ ᠨᠡᠶᠢᠬᠡᠮᠯᠢᠭ ᠤᠨ ᠳᠤᠮᠢᠯᠠᠯᠳᠠ ᠪᠡᠷ ᠮᠠᠯᠴᠢᠨ ᠲ•ᠰᠡᠴᠡᠨᠪᠠᠳᠤ ᠰᠤᠪᠤᠳᠠᠨᠴᠡᠴᠡᠭ ᠬᠤᠶᠠᠭᠤᠯᠠ ᠰᠢᠨᠵᠢᠶᠠᠩ ᠤᠨ ᠪᠤᠷᠤᠳᠠᠯ᠎ᠠ ᠮᠤᠩᠭᠤᠯ ᠦᠪᠡᠷᠳᠡᠬᠡᠨ ᠵᠠᠰᠠᠬᠤ ᠵᠧᠤ ᠶᠢᠨ ᠷᠠᠰᠢᠶᠠᠨ ᠰᠢᠶᠠᠨ ᠤ ᠠᠩᠬᠢᠯᠢᠭ ᠰᠢᠶᠠᠩ ᠳᠤ ᠬᠦᠷᠴᠤ ᠴᠠᠬᠠᠷ ᠴᠠᠭᠠᠨ ᠢᠳᠡᠬᠡ ᠬᠢᠬᠦ ᠤᠷ᠎ᠠ ᠮᠡᠷᠬᠡᠵᠢᠯ ᠢᠶᠡᠨ ᠦᠪᠯᠡᠬᠦᠯᠬᠦ ᠪᠡᠷ ᠨᠤᠳᠤᠭ ᠡᠴᠡ ᠪᠡᠨ ᠮᠤᠷᠳᠠᠵᠤ᠂ ᠬᠦᠬᠡᠬᠤᠳᠠ ᠳᠤ ᠬᠦᠷᠴᠤ ᠢᠷᠡᠪᠡ᠃ ᠨᠡᠶᠢᠬᠡᠮᠯᠢᠭ ᠤᠨ ᠬᠢᠨ ᠳᠡᠳᠡᠨᠡᠷ ᠢ ᠬᠦᠯᠢᠶᠡᠨ ᠠᠪᠴᠤ᠂ ᠪᠡᠰᠡᠷᠡᠭᠬᠡᠨ ᠬᠡᠮᠵᠢᠶᠡᠨ ᠤ ᠭᠠᠨᠵᠤᠭ᠎ᠠ ᠮᠢᠯᠢᠶᠠᠬᠤ ᠶᠤᠰᠤᠯᠠᠯ ᠵᠤᠬᠢᠶᠠᠨ ᠪᠠᠶᠢᠭᠤᠯᠤᠯ᠎ᠠ᠃

ᠴᠠᠬᠠᠷ ᠰᠤᠶᠤᠯ ᠤᠨ ᠨᠡᠶᠢᠬᠡᠮᠯᠢᠭ ᠤᠨ ᠬᠢᠨ ᠬᠤᠶᠠᠷ ᠮᠠᠯᠴᠢᠨ ᠤ ᠪᠡᠨ ᠭᠠᠨᠵᠤᠭ᠎ᠠ ᠶᠢ ᠮᠢᠯᠢᠶᠠᠨ᠎ᠠ

    ᠤᠶᠢᠯᠠᠭᠠᠭᠰᠠᠨ ᠢᠶᠡᠷ᠂ ᠰᠢᠨᠵᠢᠶᠠᠩ ᠤᠨ ᠪᠤᠷᠤᠳᠠᠯ᠎ᠠ ᠮᠤᠩᠭᠤᠯ ᠦᠪᠡᠷᠳᠡᠬᠡᠨ ᠵᠠᠰᠠᠬᠤ ᠵᠧᠤ ᠶᠢᠨ ᠮᠤᠩᠭᠤᠯᠴᠤᠳ ᠨᠢ ᠴᠠᠬᠠᠷ ᠶᠠᠰᠤᠳᠠᠨ ᠪᠠᠶᠢᠵᠤ᠂ ᠳᠡᠤᠬᠡ ᠰᠤᠶᠤᠯ ᠢᠶᠡᠨ ᠳᠡᠬᠡᠳᠦᠯᠡᠵᠤ ᠶᠠᠪᠤᠭ᠎ᠠ ᠬᠢᠷᠢᠨ ᠢᠶᠡᠨ ᠠᠮᠢᠳᠤᠷᠠᠯ ᠠᠬᠤᠢ ᠶᠢᠨ ᠨᠠᠷᠢᠨ ᠵᠦᠢᠯ ᠳᠡᠬᠡᠷ᠎ᠡ ᠤᠯᠠᠮᠵᠢᠯᠠᠯᠳᠤ ᠰᠤᠶᠤᠯ ᠵᠠᠩᠰᠢᠯ ᠨᠢ ᠮᠠᠷᠳᠠᠭᠳᠠᠵᠤ ᠤᠷᠬᠢᠭᠳᠠᠬᠤ ᠪᠤᠶᠤ ᠦᠬᠡᠷᠡᠴᠢᠯᠡᠭᠳᠡᠨ ᠬᠤᠪᠢᠷᠠᠵᠠᠢ᠃ ᠡᠶᠢᠨᠬᠦ ᠴᠠᠬᠠᠷ ᠰᠤᠶᠤᠯ ᠤᠨ ᠨᠡᠶᠢᠬᠡᠮᠯᠢᠭ ᠨᠢ ᠴᠠᠬᠠᠷ ᠰᠤᠶᠤᠯ ᠢᠶᠡᠨ ᠤᠯᠠᠮᠵᠢᠯᠠᠨ ᠵᠠᠯᠭᠠᠮᠵᠢᠯᠠᠵᠤ᠂ ᠦᠨᠳᠦᠰᠦᠳᠡᠨ ᠤ ᠡᠶ᠎ᠡ ᠨᠢᠬᠡᠳᠦᠯ ᠢ ᠴᠢᠩᠭᠠᠳᠬᠠᠨ᠂ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭ᠎ᠠ ᠪᠡᠨ ᠡᠷᠴᠢᠮᠵᠢᠬᠦᠯᠵᠤ᠂ ᠰᠢᠨᠵᠢᠶᠠᠩ ᠳ᠋ᠡᠬᠢ ᠴᠠᠬᠠᠷ ᠳᠦᠮᠡᠨ ᠤ ᠰᠤᠶᠤᠯ ᠢᠶᠡᠷ ᠢᠶᠡᠨ ᠡᠳ᠋ ᠤᠨ ᠵᠠᠰᠠᠭ ᠢᠶᠡᠨ ᠬᠦᠭᠵᠢᠬᠦᠯᠵᠤ ᠵᠠᠬ᠎ᠠ ᠵᠡᠬᠡᠯᠢ ᠶᠢᠨ ᠬᠦᠭᠵᠢᠯᠳᠡ ᠶᠢᠨ ᠬᠡᠷᠡᠭᠴᠡᠬᠡ ᠱᠠᠭᠠᠷᠳᠠᠯᠭ᠎ᠠ ᠳᠤ ᠵᠤᠬᠢᠴᠠᠭᠤᠯᠬᠤ ᠳᠤ ᠨᠢ ᠳᠤᠰᠠᠯᠠᠯᠴᠠᠭ᠎ᠠ ᠦᠵᠡᠬᠦᠯᠬᠦ ᠡᠬᠦᠳᠡᠨ ᠡᠴᠡ 2012 ᠤᠨ ᠡᠴᠡ ᠡᠬᠢᠯᠡᠨ ᠰᠢᠨᠵᠢᠶᠠᠩ ᠤᠨ ᠪᠤᠷᠤᠳᠠᠯ᠎ᠠ ᠮᠤᠩᠭᠤᠯ ᠦᠪᠡᠷᠳᠡᠬᠡᠨ ᠵᠠᠰᠠᠬᠤ ᠵᠧᠤ ᠶᠢᠨ ᠵᠠᠰᠠᠭ ᠤᠨ ᠤᠷᠳᠤᠨ ᠲᠠᠢ ᠬᠠᠷᠢᠯᠴᠠᠭ᠎ᠠ ᠪᠠᠶᠢᠭᠤᠯᠤᠭᠰᠠᠨ ᠪᠠᠶᠢᠨ᠎ᠠ᠃

    2015 ᠤᠨ ᠳᠤ᠂ ᠳᠤᠰ ᠨᠡᠶᠢᠬᠡᠮᠯᠢᠭ ᠤᠨ ᠬᠢᠨ ᠰᠢᠨᠵᠢᠶᠠᠩ ᠤᠨ ᠪᠤᠷᠤᠳᠠᠯ᠎ᠠ ᠮᠤᠩᠭᠤᠯ ᠦᠪᠡᠷᠳᠡᠬᠡᠨ ᠵᠠᠰᠠᠬᠤ ᠵᠧᠤ ᠡᠴᠡ ᠳᠤᠰᠬᠠᠶᠢᠯᠠᠨ 5 ᠮᠠᠯᠴᠢᠨ ᠤᠷᠢᠵᠤ ᠠᠪᠴᠢᠷᠠᠨ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ ᠵᠡᠷᠬᠡ ᠴᠠᠬᠠᠷ ᠨᠤᠳᠤᠭ ᠲᠤ ᠴᠠᠭᠠᠨ ᠢᠳᠡᠬᠡ ᠬᠢᠬᠦ ᠮᠡᠷᠬᠡᠵᠢᠯ ᠢ ᠨᠢᠬᠡ ᠰᠠᠷ᠎ᠠ ᠶᠢᠨ ᠬᠤᠭᠤᠴᠠᠭ᠎ᠠ ᠲᠠᠢ ᠰᠤᠷᠤᠯᠴᠠᠭᠤᠯᠵᠠᠢ᠃ ᠦᠨᠦ ᠵᠢᠯ᠂ ᠬᠤᠶᠠᠷ ᠤᠷᠤᠨ ᠤ ᠬᠠᠷᠢᠯᠴᠠᠭ᠎ᠠ ᠪᠡᠨ ᠤᠯᠠᠮ ᠪᠠᠳᠤᠳᠬᠠᠵᠤ᠂ ᠴᠠᠬᠠᠷ ᠰᠤᠶᠤᠯ ᠢᠶᠡᠨ ᠤᠯᠠᠨ ᠳᠠᠯ᠎ᠠ ᠪᠡᠷ ᠤᠯᠠᠮᠵᠢᠯᠠᠨ ᠬᠦᠭᠵᠢᠬᠦᠯᠬᠦ ᠶᠢᠨ ᠳᠤᠯᠠᠳᠠ ᠳᠤᠰ ᠨᠡᠶᠢᠬᠡᠮᠯᠢᠭ ᠨᠢ ᠴᠠᠬᠠᠷ ᠤᠨ ᠬᠡᠳᠦᠨ ᠬᠤᠰᠢᠭᠤᠨ ᠡᠴᠡ ᠰᠢᠯᠢᠨ ᠰᠤᠩᠭᠤᠵᠤ ᠪᠠᠶᠢᠭᠠᠳ ᠡᠯ᠎ᠡ ᠳᠠᠯ᠎ᠠ ᠶᠢᠨ ᠨᠦᠬᠦᠴᠡᠯ ᠪᠤᠯᠤᠮᠵᠢ ᠪᠡᠷ ᠰᠠᠶᠢᠨ ᠬᠡᠮᠡᠭᠳᠡᠭᠰᠡᠨ ᠦᠪᠦᠷ ᠮᠤᠩᠭᠤᠯ ᠤᠨ ᠰᠢᠯᠤᠭᠤᠨ ᠬᠦᠪᠡᠬᠡᠳᠦ ᠴᠠᠭᠠᠨ ᠬᠤᠰᠢᠭᠤ ᠪᠡᠷ ᠨᠤᠳᠤᠭᠳᠠᠢ ᠮᠠᠯᠴᠢᠨ ᠲ•ᠰᠡᠴᠡᠨᠪᠠᠳᠤ ᠰᠤᠪᠤᠳᠠᠨᠴᠡᠴᠡᠭ ᠬᠤᠶᠠᠭᠤᠯᠠ ᠶᠢ ᠰᠢᠨᠵᠢᠶᠠᠩ ᠤᠨ ᠪᠤᠷᠤᠳᠠᠯ᠎ᠠ ᠮᠤᠩᠭᠤᠯ ᠦᠪᠡᠷᠳᠡᠬᠡᠨ ᠵᠠᠰᠠᠬᠤ ᠵᠧᠤ ᠶᠢᠨ ᠷᠠᠰᠢᠶᠠᠨ ᠰᠢᠶᠠᠨ ᠤ ᠠᠩᠬᠢᠯᠢᠬ ᠰᠢᠶᠠᠩ ᠤᠨ ᠴᠠᠭᠠᠨ ᠢᠳᠡᠬᠡ ᠡᠳ᠋ᠰᠢᠬᠦᠯᠬᠦ ᠦᠢᠯᠡᠳᠪᠦᠷᠢ ᠳᠤ 1 ᠵᠢᠯ ᠤᠨ ᠬᠤᠭᠤᠴᠠᠭ᠎ᠠ ᠲᠠᠢ ᠪᠡᠷ ᠴᠠᠬᠠᠷ ᠴᠠᠭᠠᠨ ᠢᠳᠡᠬᠡ ᠬᠢᠬᠦ ᠤᠷ᠎ᠠ ᠮᠡᠷᠬᠡᠵᠢᠯ ᠢ ᠵᠢᠭᠠᠵᠤ ᠤᠯᠠᠮᠵᠢᠯᠠᠭᠤᠯᠬᠤ ᠪᠡᠷ ᠳᠤᠮᠢᠯᠠᠵᠤ ᠪᠠᠶᠢᠭ᠎ᠠ ᠨᠢ ᠡᠨᠡ ᠠᠵᠢ᠃

ᠰᠢᠨᠵᠢᠶᠠᠩ ᠤᠨ ᠪᠤᠷᠤᠳᠠᠯ᠎ᠠ ᠮᠤᠩᠭᠤᠯ ᠦᠪᠡᠷᠳᠡᠬᠡᠨ ᠵᠠᠰᠠᠬᠤ ᠵᠧᠤ ᠶᠢᠨ ᠷᠠᠰᠢᠶᠠᠨ ᠰᠢᠶᠠᠨ ᠤ ᠠᠷᠠᠳ ᠤᠨ ᠤᠷᠠᠯᠢᠭᠴᠢᠨ ᠮᠠᠨᠳᠠᠭᠠᠢ (ᠪᠠᠷᠠᠭᠤᠨ ᠡᠴᠡ ᠬᠤᠶᠠᠳᠤᠭᠠᠷ) ᠭᠠᠨᠵᠤᠭ᠎ᠠ ᠮᠢᠯᠢᠶᠠᠬᠤ ᠢᠷᠦᠬᠡᠯ ᠤᠩᠰᠢᠨ᠎ᠠ

ᠲ•ᠰᠡᠴᠡᠨᠪᠠᠳᠤ ᠰᠤᠷᠪᠤᠯᠵᠢᠯᠠᠭ᠎ᠠ ᠬᠦᠯᠢᠶᠡᠨ᠎ᠡ

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121161961