蒙古文网站Logo
ᠰᠢᠨᠬᠤᠸᠠ ᠮᠤᠩᠭ᠋ᠤᠯ ᠨᠧᠲ

ᠨᠡᠶᠢᠬᠡᠮ ᠤᠨ ᠰᠢᠨᠵᠢᠯᠡᠬᠦ ᠤᠬᠠᠭᠠᠨ  ᠲᠦᠭᠡᠮᠡᠯᠵᠢᠬᠦᠯᠬᠦ ᠠᠵᠢᠯᠯᠠᠭ᠎ᠠ ᠪᠠᠶᠠᠨᠨᠠᠭᠤᠷ ᠬᠤᠳᠠ ᠶᠢᠨ ᠮᠤᠩᠭ᠋ᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠳᠤ ᠶᠠᠪᠤᠭᠳᠠᠪᠠ

2017-06-20 16:34

    ᠰᠢᠨᠬᠤᠸᠠ ᠮᠤᠩᠭ᠋ᠤᠯ ᠨᠧᠲ  ᠪᠠᠶᠠᠨᠨᠠᠭᠤᠷ ᠤᠨ 6 ᠰᠠᠷ᠎ᠠ ᠶᠢᠨ 20 ᠤ ᠡᠳᠤᠷ ᠤᠨ ᠴᠠᠬᠢᠯᠭᠠᠨ ᠮᠡᠳᠡᠬᠡ (ᠪᠠᠢ ᠯᠢᠩ ᠳ᠋ᠢ) ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠡᠬᠢ ᠡᠬᠡᠯᠵᠢ ᠶᠢᠨ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠭᠠᠷᠠᠭ ᠢ ᠲᠤᠬᠢᠶᠠᠯᠳᠤᠭᠤᠯᠤᠨ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠤ ᠬᠢᠨ ᠤ ᠬᠤᠯᠪᠤᠭᠠᠳᠤ ᠬᠤᠷᠠᠯ ᠴᠤᠪᠤᠷᠠᠯ ᠠᠵᠢᠯᠯᠠᠭ᠎ᠠ ᠦᠷᠨᠢᠬᠦᠯᠵᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠵᠤ ᠪᠤᠢ᠃ 19 ᠤ ᠡᠳᠤᠷ᠂ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠤ ᠬᠢᠨ ᠤ ᠬᠤᠯᠪᠤᠭᠠᠳᠤ ᠬᠤᠷᠠᠯ ᠨᠢ ᠶᠡᠬᠡ ᠲᠡᠭᠡᠳᠤ ᠰᠤᠷᠭᠠᠭᠤᠯᠢ ᠶᠢᠨ ᠨᠡᠷᠡᠳᠤ ᠡᠷᠳᠡᠮᠳᠡᠨ ᠫᠷᠤᠹᠧᠰᠰᠤᠷ ᠢ ᠤᠷᠢᠵᠤ ᠪᠠᠶᠠᠨᠨᠠᠭᠤᠷ ᠬᠤᠳᠠ ᠶᠢᠨ ᠮᠤᠩᠭ᠋ᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠳᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠠᠵᠢᠯᠯᠠᠭ᠎ᠠ ᠦᠷᠨᠢᠬᠦᠯᠪᠡ᠃

    ᠲᠤᠰ ᠠᠵᠢᠯᠯᠠᠭ᠎ᠠ ᠳᠤ᠂ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠤ ᠬᠢᠨ ᠤ ᠬᠤᠯᠪᠤᠭᠠᠳᠤ ᠬᠤᠷᠠᠯ ᠪᠤᠯᠤᠨ ᠲᠡᠬᠦᠨ ᠤ ᠰᠠᠭᠤᠷᠢᠨ ᠪᠤᠯᠬᠤ ᠬᠦᠬᠡᠬᠤᠳᠠ ᠦᠨᠳᠦᠰᠦᠳᠡᠨ ᠤ ᠲᠡᠬᠡᠳᠤ ᠰᠤᠷᠭᠠᠭᠤᠯᠢ  ᠲᠤᠰ ᠲᠤᠰ 《ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ》᠂《 ᠨᠠᠭᠠᠳᠤᠮ》᠂《ᠰᠤᠷᠤᠭᠴᠢ ᠶᠢᠨ ᠬᠢᠳᠠᠳ ᠮᠤᠩᠭ᠋ᠤᠯ ᠲᠤᠪᠴᠢ ᠲᠤᠯᠢ》᠂《 ᠮᠤᠩᠭ᠋ᠤᠯ ᠬᠡᠯᠡᠨ ᠤ ᠦᠪᠡᠷᠮᠢᠴᠡ ᠬᠡᠯᠡᠯᠬᠡ ᠶᠢᠨ ᠲᠤᠪᠴᠢ ᠲᠠᠶᠢᠯᠪᠦᠷᠢ ᠲᠤᠯᠢ》ᠵᠡᠷᠬᠡ ᠤᠯᠠᠨ ᠨᠤᠮ ᠳᠡᠪᠲᠡᠷ ᠲᠤᠯᠢ ᠪᠢᠴᠢᠭ᠌ ᠪᠤᠯᠤᠨ ᠰᠢᠨᠬᠤᠸᠠ ᠮᠤᠩᠭ᠋ᠤᠯ ᠨᠧᠲ ᠡᠴᠡ 《ᠮᠡᠳᠡᠬᠡ ᠮᠡᠳᠡᠬᠡᠯᠡᠯ ᠤᠨ ᠰᠤᠩᠭ᠋ᠤᠮᠠᠯ (2015- 2016) 》ᠬᠡᠬᠦ ᠨᠤᠮ ᠢᠶᠡᠨ ᠪᠠᠶᠠᠨᠨᠠᠭᠤᠷ ᠬᠤᠳᠠ ᠶᠢᠨ ᠮᠤᠩᠭ᠋ᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠳᠤ ᠬᠦᠷᠭᠡᠵᠤ᠂ ᠰᠤᠷᠤᠭᠴᠢᠳ ᠲᠤ ᠭᠠᠷ ᠠᠪᠤᠯᠭ᠎ᠠ ᠶᠢᠨ ᠨᠤᠮ ᠢ ᠨᠢ ᠤᠯᠠᠰᠢᠷᠠᠭᠤᠯᠵᠤ᠂ ᠡᠳᠡᠬᠡᠷ ᠨᠤᠮ  ᠡᠴᠡ ᠤᠶᠤᠨ ᠤ ᠬᠦᠷᠳᠡᠬᠡᠮᠵᠢ ᠤᠯᠬᠤ ᠶᠢ ᠬᠦᠰᠡᠭᠰᠡᠨ ᠪᠠᠶᠢᠨ᠎ᠠ᠃

    ᠠᠵᠢᠯᠯᠠᠭ᠎ᠠ ᠶᠢᠨ ᠦᠶ᠎ᠡ ᠪᠡᠷ᠂ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠲᠦᠭᠡᠮᠡᠯᠵᠢᠬᠦᠯᠬᠦ ᠰᠢᠯᠢᠳᠡᠭ ᠲᠤᠰᠬᠠᠢ ᠮᠡᠷᠭᠡᠵᠢᠯᠳᠡᠨ ᠤ ᠴᠤᠯᠠ ᠬᠦᠷᠳᠡᠭᠰᠡᠨ ᠬᠦᠬᠡᠬᠤᠳᠠ ᠦᠨᠳᠦᠰᠦᠳᠡᠨ ᠤ ᠲᠡᠭᠡᠳᠤ ᠰᠤᠷᠭᠠᠭᠤᠯᠢ ᠶᠢᠨ ᠬᠤᠶᠠᠳᠤᠭᠠᠷ ᠳᠡᠰ ᠤᠨ ᠫᠷᠤᠹᠧᠰᠰᠤᠷ ᠪᠤ‍᠍・ ᠰᠠᠶᠢᠵᠢᠷᠠᠬᠤ 《 ᠮᠣᠩ᠋ᠭᠤᠯ ᠦᠨᠳᠤᠰᠤᠲᠠᠨ ᠤ ᠪᠡᠶᠡᠳᠤ ᠪᠤᠰᠤ ᠰᠤᠶᠤᠯ ᠤᠨ ᠲᠤᠬᠠᠢ ᠲᠠᠶᠢᠯᠦᠮᠵᠢ》 ᠭᠡᠬᠦ ᠰᠡᠳᠦᠪ  ᠢᠶᠡᠷ᠂ ᠤᠶᠤᠨᠳᠠᠯᠠᠢ ᠳ᠋ᠤᠺᠲ᠋ᠤᠷ 《ᠦᠨᠢᠷ ᠪᠠᠶᠠᠯᠢᠭ ᠦᠪᠦᠷ ᠮᠤᠩᠭ᠋ᠤᠯ ᠤᠨ ᠲᠠᠯ᠎ᠠ ᠨᠤᠳᠤᠭ》ᠬᠡᠬᠦ ᠰᠡᠳᠤᠪ ᠤᠨ ᠲᠤᠭᠤᠷᠢᠨ ᠳᠤ ᠦᠨᠳᠦᠰᠦᠳᠡᠨ ᠤ ᠬᠡᠯᠡ ᠪᠡᠷ ᠢᠶᠡᠨ ᠶᠠᠷᠢᠶ᠎ᠠ ᠢᠯᠡᠳᠬᠡᠯ ᠬᠢᠵᠤ᠂ ᠪᠡᠶᠡᠳᠤ ᠪᠤᠰᠤ ᠰᠤᠶᠤᠯ ᠤᠨ ᠦᠪ ᠪᠤᠯ ᠬᠦᠮᠦᠨ ᠲᠦᠷᠦᠯᠬᠢᠳᠡᠨ ᠤ ᠰᠤᠶᠤᠯ ᠤᠨ ᠴᠢᠬᠤᠯᠠ ᠠᠭᠤᠯᠭ᠎ᠠ ᠪᠤᠯᠬᠤ ᠪᠠ ᠦᠪᠦᠷ ᠮᠤᠩᠭ᠋ᠤᠯ ᠤᠨ ᠲᠠᠯ᠎ᠠ ᠨᠤᠳᠤᠭ ᠪᠤᠯ ᠤᠮᠠᠷᠠᠳᠤ ᠶᠢᠨ ᠠᠮᠢ ᠠᠬᠤᠢ ᠶᠢᠨ ᠬᠠᠯᠬᠠᠪᠴᠢ ᠪᠤᠯᠬᠤ ᠶᠢ ᠰᠤᠷᠤᠭᠴᠢᠳ ᠲᠤ ᠲᠤᠩ ᠤᠶᠢᠯᠠᠭᠠᠮᠵᠲᠠᠢ ᠲᠠᠶᠢᠯᠪᠦᠷᠢᠯᠠᠵᠤ ᠲᠠᠨᠢᠭᠤᠯᠤᠭᠰᠠᠨ ᠪᠠᠶᠢᠨ᠎ᠠ᠃

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠰᠢᠨᠵᠢᠯᠡᠬᠦ ᠤᠬᠠᠭᠠᠨ ᠲᠦᠭᠡᠮᠡᠯᠵᠢᠬᠦᠯᠬᠦ ᠭᠠᠷᠠᠭ ᠢ 2007 ᠤᠨ ᠳᠤ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠪᠤᠯᠤᠨ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠤ ᠬᠢᠨ ᠤ ᠬᠤᠯᠪᠤᠭᠠᠳᠤ ᠬᠤᠷᠠᠯ ᠬᠠᠮᠳᠤᠷᠠᠨ ᠵᠢᠯ ᠪᠦᠷᠢ ᠶᠢᠨ 6 ᠳ᠋ᠤᠭᠠᠷ ᠰᠠᠷ᠎ᠠ ᠶᠢᠨ ᠬᠤᠶᠠᠳᠤᠭᠠᠷ ᠭᠠᠷᠠᠭ ᠢᠶᠡᠷ ᠲᠤᠭᠳᠠᠭᠠᠵᠤ᠂ ᠤᠳᠤ ᠨᠢᠬᠡᠨᠳᠡ ᠠᠷᠪᠠᠨ ᠨᠢᠬᠡᠳᠡᠬᠢ ᠡᠬᠡᠯᠵᠢ ᠪᠤᠯᠵᠤ ᠪᠤᠢ᠃ ᠦᠪᠦᠷ ᠮᠤᠩᠭ᠋ᠤᠯ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠪᠤᠯᠤᠨ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠤ ᠬᠢᠨ ᠤ ᠬᠤᠯᠪᠤᠭᠠᠳᠤ ᠬᠤᠷᠠᠯ ᠬᠠᠮᠲᠤᠷᠠᠨ 2014 ᠤᠨ ᠳᠤ ᠬᠦᠬᠡᠬᠤᠳᠠ ᠦᠨᠳᠦᠰᠦᠳᠡᠨ ᠤ ᠲᠡᠭᠡᠳᠤ ᠰᠤᠷᠭᠠᠭᠤᠯᠢ ᠳᠤ ᠰᠠᠭᠤᠷᠢᠨ ᠪᠠᠶᠢᠭᠤᠯᠤᠭᠰᠠᠨ ᠶᠤᠮ᠂ ᠲᠤᠰ ᠰᠠᠭᠤᠷᠢᠨ ᠨᠢ ᠮᠦᠨ ᠦᠨᠳᠤᠰᠤᠲᠠᠨ ᠤ ᠬᠡᠯᠡ ᠪᠡᠷ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠭᠤᠤᠯ ᠬᠦᠴᠦᠨ ᠪᠤᠯᠤᠭᠰᠠᠨ ᠪᠠᠶᠢᠨ᠎ᠠ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121176663