蒙古文网站Logo
ᠰᠢᠨᠬᠤᠸᠠ ᠮᠤᠩᠭ᠋ᠤᠯ ᠨᠧᠲ

ᠦᠨᠳᠦᠰᠦᠨ ᠱᠠᠳᠤᠨ ᠤ ᠮᠠᠯᠴᠢᠳ ᠰᠤᠶᠤᠯ ᠤᠨ ᠠᠵᠢᠯᠯᠠᠭ᠎ᠠ ᠪᠡᠷ ᠢᠶᠡᠨ ᠦᠪᠡᠷᠳᠡᠬᠡᠨ ᠵᠠᠰᠠᠬᠤ ᠤᠷᠤᠨ ᠤ 70 ᠵᠢᠯ ᠤᠨ ᠤᠢ ᠶᠢ ᠳᠡᠮᠳᠡᠭᠯᠡᠪᠡ

2017-06-21 11:18

    ᠰᠢᠨᠬᠤᠧᠠ ᠮᠤᠩᠭᠤᠯ ᠨᠧᠲ   ᠬᠦᠬᠡᠬᠤᠳᠠ ᠶᠢᠨ 6 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠬᠡ   ᠤᠶᠢᠷ᠎ᠠ ᠶᠢᠨ ᠡᠳᠦᠷ᠂ ᠦᠪᠦᠷ ᠮᠤᠩᠭᠤᠯ ᠤᠨ ᠵᠡᠬᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠨᠢ ᠳᠤᠰ ᠪᠠᠯᠭᠠᠰᠤᠨ ᠤ ᠬᠠᠠᠠᠠᠭᠤᠯᠠ ᠭᠠᠴᠠᠭ᠎ᠠ ᠪᠤᠯᠤᠨ ᠪᠠᠶᠠᠨᠵᠢᠯᠠᠭ᠎ᠠ ᠭᠠᠴᠠᠭᠠᠨ ᠳᠤ ᠳᠤᠰ ᠳᠤᠰ ᠤᠨ ᠬᠢᠨᠢ ᠤᠨᠴᠠᠯᠢᠭ ᠶᠢ ᠢᠯᠡᠷᠡᠬᠦᠯᠦᠭᠰᠡᠨ ᠤᠳᠬ᠎ᠠ ᠳᠡᠬᠦᠯᠳᠡᠷ ᠰᠤᠶᠤᠯ ᠤᠨ ᠠᠵᠢᠯᠯᠠᠭ᠎ᠠ ᠵᠤᠬᠢᠶᠠᠨ ᠪᠠᠶᠢᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠨ ᠳᠡᠮᠳᠡᠭᠯᠡᠯ᠎ᠡ᠃

ᠠᠮᠤᠷ ᠪᠠᠶᠠᠰᠬᠤᠯᠠᠩ ᠨᠠᠭᠠᠳᠤᠮ

ᠠᠷᠭᠠᠯ ᠳᠡᠬᠦᠬᠦ ᠤᠷᠤᠯᠳᠤᠭᠠᠨ

ᠱᠠᠩᠨᠠᠯ ᠬᠦᠷᠳᠡᠭᠰᠡᠳ

ᠡᠷᠡᠬᠦᠯ ᠮᠡᠨᠳᠦ ᠶᠢᠨ ᠳᠦᠯᠦᠪᠦᠷᠢ ᠦᠬᠡᠢ ᠦᠵᠡᠯᠬᠡ

    ᠪᠠᠶᠠᠨᠵᠢᠯᠠᠭ᠎ᠠ ᠭᠠᠴᠠᠭᠠᠨ ᠳᠤ ᠪᠤᠯᠤᠭᠰᠠᠨ ᠦᠢᠯᠡ ᠠᠵᠢᠯᠯᠠᠭ᠎ᠠ ᠪᠡᠷ ᠱᠠᠭ᠎ᠠ ᠳᠤᠭᠯᠠᠬᠤ᠂ ᠠᠮᠤᠷ ᠪᠠᠶᠠᠰᠬᠤᠯᠠᠩ ᠨᠠᠭᠠᠳᠬᠤ᠂ ᠠᠷᠭᠠᠯ ᠳᠡᠬᠦᠬᠦ ᠵᠡᠷᠬᠡ ᠤᠯᠠᠮᠵᠢᠯᠠᠯᠳᠤ ᠨᠠᠭᠠᠳᠤᠮ ᠢᠶᠡᠷ ᠢᠶᠡᠨ ᠤᠯᠠᠨ ᠢᠶᠡᠨ ᠪᠠᠶᠠᠰᠬᠠᠵᠤ᠂ ᠪᠠᠰᠠ 《ᠪᠤᠯᠪᠠᠰᠤᠨ ᠬᠡᠷ ᠪᠦᠯᠢ》᠂ 《ᠡᠨᠡᠷᠢᠯᠳᠤ ᠡᠵᠢ》 ᠪᠠ 《3•8》 ᠶᠢᠨ ᠤᠯᠠᠭᠠᠨ ᠳᠤᠭᠴᠢ ᠶᠢ ᠰᠤᠩᠭᠤᠨ ᠰᠢᠯᠭᠠᠷᠠᠭᠤᠯᠵᠠᠢ᠃ ᠡᠬᠦᠨ ᠤ ᠵᠡᠷᠬᠡᠴᠡᠬᠡ ᠬᠠᠳᠠᠪᠴᠢ ᠪᠠᠯᠭᠠᠰᠤᠨ ᠤ ᠡᠮᠨᠡᠯᠬᠡ ᠶᠢᠨ ᠬᠤᠷᠢᠶ᠎ᠠ ᠡᠴᠡ ᠭᠠᠴᠠᠭᠠᠨ ᠤ ᠮᠠᠯᠴᠢᠳ ᠲᠤ ᠭᠠᠵᠠᠷ ᠳᠡᠬᠡᠷ᠎ᠡ ᠨᠢ ᠳᠦᠯᠦᠪᠦᠷᠢ ᠦᠬᠡᠢ ᠡᠷᠡᠬᠦᠯ ᠮᠡᠨᠳᠦ ᠶᠢᠨ ᠦᠵᠡᠯᠬᠡ ᠬᠢᠵᠤ ᠦᠭᠬᠦᠭᠰᠡᠨ ᠪᠠᠶᠢᠨ᠎ᠠ᠃

ᠨᠠᠩᠰᠠᠯ ᠨᠠᠰᠤᠳᠠᠨ ᠮᠤᠩᠭ᠋ᠤᠯ ᠬᠡᠷ ᠤᠨ ᠰᠤᠶᠤᠯ ᠢ ᠳᠠᠶᠢᠯᠪᠤᠷᠢᠯᠠᠨ᠎ᠠ

ᠪᠢᠯᠢᠭ᠌ ᠨᠠᠰᠤᠳᠠᠨ

    ᠬᠠᠠᠠᠠᠭᠤᠯᠠ ᠭᠠᠴᠠᠭᠠᠨ ᠳᠤ ᠪᠤᠯᠤᠭᠰᠠᠨ ᠦᠢᠯᠡ ᠠᠵᠢᠯᠯᠠᠭ᠎ᠠ ᠪᠡᠷ᠂ ᠳᠤᠰ ᠭᠠᠴᠠᠭᠠᠨ ᠤ ᠪᠢᠯᠢᠭ᠌᠂ ᠨᠠᠩᠰᠠᠯ ᠬᠤᠶᠠᠷ ᠨᠠᠰᠤᠳᠠᠨ ᠢ ᠳᠤᠰᠬᠠᠶᠢᠯᠠᠨ ᠤᠷᠢᠵᠤ ᠮᠤᠩᠭᠤᠯ ᠬᠡᠷ᠂ ᠮᠤᠩᠭᠤᠯ ᠬᠡᠷ ᠤᠨ ᠵᠤᠤᠬ᠎ᠠ᠂ ᠢᠰᠡᠬᠡᠢ ᠪᠦᠷᠢᠶᠡᠰᠦ᠂ ᠬᠠᠮ ᠳᠡᠷᠬᠡ᠂ ᠠᠶᠠᠭᠠᠨ ᠤ ᠳᠠᠭᠠᠷᠴᠤᠭ᠂ ᠬᠠᠶᠢᠴᠠᠨ ᠤ ᠤᠭᠤᠳᠠ᠂ ᠳᠠᠪᠤᠰᠤᠨ ᠰᠠᠪᠠ ᠵᠡᠷᠬᠡ ᠶᠢᠨ ᠳᠤᠬᠠᠢ ᠮᠡᠳᠡᠯᠬᠡ ᠶᠢ ᠬᠡᠤᠬᠡᠳ ᠪᠠᠭᠠᠴᠤᠳ ᠲᠤ ᠳᠠᠶᠢᠯᠪᠤᠷᠢᠯᠠᠠᠭᠤᠯᠵᠠᠢ᠃

    ᠡᠳᠡᠬᠡᠷ ᠠᠵᠢᠯᠯᠠᠭ᠎ᠠ ᠪᠡᠷ ᠦᠨᠳᠦᠰᠦᠳᠡᠨ ᠤ ᠤᠯᠠᠮᠵᠢᠯᠠᠯᠳᠤ ᠰᠤᠶᠤᠯ ᠪᠤᠯᠪᠠᠰᠤᠨ ᠤ ᠡᠴᠢᠨ᠎ᠡ ᠦᠨ᠎ᠡ ᠴᠠᠨ᠎ᠠ ᠪᠠ ᠦᠢᠯᠡᠳᠦᠯ ᠴᠢᠳᠠᠪᠬᠢ ᠶᠢ ᠬᠦᠢᠴᠡᠳ ᠪᠠᠳᠠᠷᠠᠭᠤᠯᠵᠤ᠂ ᠮᠠᠯᠵᠢᠬᠤ ᠠᠮᠢᠳᠤᠷᠠᠯ ᠳᠤ ᠠᠭᠤᠯᠠᠭᠳᠠᠵᠤ ᠪᠠᠶᠢᠭ᠎ᠠ ᠠᠷᠠᠳ ᠤᠨ ᠤᠯᠠᠮᠵᠢᠯᠠᠯᠳᠤ ᠰᠤᠶᠤᠯ ᠤᠨ ᠦᠪ ᠪᠠᠶᠠᠯᠢᠭ ᠢ ᠵᠠᠯᠠᠭᠤ ᠨᠢᠬᠡ ᠦᠶ᠎ᠡ ᠶᠢᠨ ᠬᠢᠨ ᠳᠤ ᠪᠡᠨ ᠤᠯᠠᠮᠵᠢᠯᠠᠨ ᠪᠠᠳᠠᠷᠠᠭᠤᠯᠬᠤ ᠶᠢᠨ ᠴᠢᠬᠤᠯᠠ ᠴᠢᠨᠠᠷ ᠢ ᠡᠮᠡᠭᠳᠡᠶᠢᠴᠤᠳ ᠬᠢᠬᠡᠳ ᠬᠡᠤᠬᠡᠳ ᠪᠠᠭᠠᠴᠤᠳ ᠲᠤ ᠳᠠᠨᠢᠭᠤᠯᠤᠭᠰᠠᠨ ᠪᠠᠶᠢᠨ᠎ᠠ᠃ (ᠨᠡᠶᠢᠳᠡᠯᠡᠯ ᠵᠢᠷᠤᠭ ᠢ ᠦᠪᠦᠷ ᠮᠤᠩᠭᠤᠯ ᠤᠨ ᠵᠡᠬᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠳᠡᠬᠦᠤᠳᠠᠭᠤᠯᠠ)

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121183567