蒙古文网站Logo
ᠰᠢᠨᠬᠤᠸᠠ ᠮᠤᠩᠭ᠋ᠤᠯ ᠨᠧᠲ

ᠤᠯᠠᠭᠠᠨᠴᠠᠪ ᠬᠤᠲᠠ ᠤᠨ ᠤᠷᠴᠢᠨ ᠲᠤᠭᠤᠷᠢᠨ ᠪᠤᠯᠤᠨ ᠠᠵᠤ ᠦᠢᠯᠡᠰ ᠤᠨ ᠲᠦᠰᠦᠯ ᠳᠤ ᠬᠦᠷᠦᠩᠭᠡ ᠤᠷᠤᠭᠤᠯᠬᠤ ᠲᠠᠨᠢᠯᠴᠠᠭᠤᠯᠬᠤ ᠬᠤᠷᠠᠯ ᠰᠢᠨᠢᠩ ᠳᠤ ᠬᠤᠷᠠᠯᠳᠤᠪᠠ

2017-06-22 11:44

    ᠭᠠᠳᠠᠭᠠᠲᠤ ᠲᠠᠢ ᠤᠯᠠᠮ ᠴᠢᠨᠠᠭᠰᠢᠲᠠ ᠨᠡᠭᠡᠭᠡᠯᠲᠡ ᠲᠠᠢ ᠶᠠᠪᠤᠯᠴᠠᠵᠦ᠂ ᠤᠷᠤᠨ ᠤ ᠭᠠᠳᠠᠨᠠᠬᠢ ᠪᠦᠰᠡ ᠨᠤᠲᠤᠭ ᠤᠨ ᠡᠳ᠋ ᠤᠨ ᠵᠠᠰᠠᠭ᠂ ᠠᠮᠢ ᠠᠬᠤᠢ᠂ ᠰᠤᠶᠤᠯ ᠤᠨ ᠬᠠᠮᠲᠤᠷᠠᠯᠴᠠᠭ᠎ᠠ ᠪᠤᠯᠤᠨ ᠰᠤᠯᠢᠯᠴᠠᠭ᠎ᠠ ᠪᠡᠨ ᠴᠢᠩᠭ᠋ᠠᠳᠬᠠᠵᠤ《 ᠨᠢᠭᠡ ᠪᠦᠰᠡ ᠨᠢᠭᠡ ᠵᠠᠮ》 ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠠᠭᠤᠰᠤᠯᠴᠠᠬᠤ ᠪᠠᠷ 6 ᠰᠠᠷ᠎ᠠ ᠶᠢᠨ 21 ᠤ ᠡᠳᠦᠷ᠂ ᠤᠯᠠᠭᠠᠨᠴᠠᠪ ᠬᠤᠲᠠ ᠤᠨ ᠤᠷᠴᠢᠨ ᠲᠤᠭᠤᠷᠢᠨ ᠪᠤᠯᠤᠨ ᠠᠵᠤ ᠦᠢᠯᠡᠰ ᠤᠨ ᠲᠦᠰᠦᠯ ᠳᠤ ᠬᠦᠷᠦᠩᠭᠡ ᠤᠷᠤᠭᠤᠯᠬᠤ ᠲᠠᠨᠢᠯᠴᠠᠭᠤᠯᠬᠤ ᠬᠤᠷᠠᠯ ᠰᠢᠨᠢᠩ ᠳᠤ ᠬᠤᠷᠠᠯᠳᠤᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠴᠸᠨ ᠢᠦᠢ ᠬᠤᠷᠠᠯ ᠳᠤ ᠤᠷᠤᠯᠴᠠᠪᠠ᠃

    ᠲᠦᠪ ᠤᠨ ᠠᠵᠤ ᠠᠬᠤᠶᠢᠯᠠᠯ᠂ ᠲᠤᠮᠤ ᠬᠡᠯᠪᠡᠷᠢ ᠶᠢᠨ ᠢᠷᠭᠡᠨ ᠡᠴᠡ ᠡᠷᠬᠢᠯᠡᠭᠰᠡᠨ ᠠᠵᠤ ᠠᠬᠤᠶᠢᠯᠠᠯ ᠪᠤᠯᠤᠨ ᠨᠠᠷᠠᠲᠤ ᠠᠵᠤ ᠠᠬᠤᠶᠢᠯᠠᠯ ᠵᠡᠷᠭᠡ ᠨᠡᠶᠢᠲᠡ 200 ᠭᠠᠷᠤᠢ ᠠᠵᠤ ᠠᠬᠤᠶᠢᠯᠠᠯ ᠬᠤᠷᠠᠯ ᠳᠤ ᠤᠷᠤᠯᠴᠠᠪᠠ᠃ ᠲᠠᠨᠢᠯᠴᠠᠭᠤᠯᠬᠤ ᠬᠤᠷᠠᠯ ᠪᠤᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠶᠢᠨ ᠪᠤᠯᠪᠠᠰᠤᠷᠠᠭᠤᠯᠤᠯᠲᠠ᠂ ᠲᠤᠨᠤᠭ ᠲᠦᠬᠦᠭᠡᠷᠦᠮᠵᠢ ᠶᠢᠨ ᠡᠭᠦᠳᠦᠯᠲᠠ᠂ ᠰᠢᠨ᠎ᠠ ᠡᠷᠴᠢᠮ ᠬᠦᠴᠤ᠂ ᠰᠢᠨ᠎ᠠ ᠮᠠᠲ᠋ᠸᠷᠢᠶᠠᠯ᠂ ᠠᠷᠠᠯᠵᠢᠶᠠᠨ ᠤ ᠪᠠᠷᠠᠭᠠᠨ ᠤ ᠭᠦᠢᠯᠭᠡᠭᠡ ᠪᠤᠯᠤᠨ ᠡᠮ ᠡᠮᠨᠡᠯᠭᠡ ᠨᠠᠰᠤᠲᠠᠨ ᠢ ᠠᠰᠠᠷᠠᠬᠤ ᠵᠡᠷᠭᠡ ᠰᠢᠨ᠎ᠠ ᠬᠡᠯᠪᠡᠷᠢ ᠶᠢᠨ ᠦᠢᠯᠡᠴᠢᠯᠡᠭᠡᠨ ᠤ ᠬᠦᠷᠢᠶ᠎ᠠ ᠴᠡᠷ᠎᠎ᠠ ᠳᠤ ᠶᠠᠪᠤᠭᠳᠠᠵᠤ᠂ ᠤᠯᠠᠭᠠᠨᠴᠠᠪ ᠬᠤᠲᠠ ᠤᠨ ᠤᠷᠴᠢᠨ ᠲᠤᠭᠤᠷᠢᠨ ᠪᠤᠯᠤᠨ ᠬᠤᠳᠠᠯᠳᠤᠭᠠᠨ ᠤ ᠬᠦᠷᠦᠩᠭᠡ ᠤᠷᠤᠭᠤᠯᠤᠭᠴᠢ ᠲᠠᠲᠠᠬᠤ ᠲᠦᠰᠦᠯ ᠢ ᠲᠠᠨᠢᠯᠴᠠᠭᠤᠯᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121191069