蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠴᠠᠭᠲᠠᠭᠠᠨ ᠤ ᠬᠢᠨ ᠢᠨᠲ᠋ᠧᠷᠨᠧᠲ ᠢᠶᠡᠷ ᠮᠦᠷᠦᠢ ᠲᠠᠢ ᠲᠤᠭᠯᠠᠭᠰᠠᠨ ᠤᠨᠴᠠ ᠶᠡᠬᠡ ᠬᠡᠷᠡᠭ ᠢ ᠢᠯᠡᠷᠡᠬᠦᠯᠪᠡ

2017-06-22 11:50

    ᠰᠢᠨᠬᠤᠧᠠ ᠬᠤᠷᠢᠶ᠎ᠠ   ᠬᠦᠬᠡᠬᠤᠲᠠ ᠶᠢᠨ 6 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢᠦ ᠢ ᠳ᠋ᠧ ) ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠩᠯᠢᠶᠤᠤ ᠬᠤᠲᠠ ᠶᠢᠨ ᠴᠠᠭᠲᠠᠭᠠᠨ ᠤ ᠬᠢᠨ ᠰᠡᠬᠦᠯ ᠤᠨ ᠦᠶ᠎ᠠ ᠳ᠋ᠤ ᠢᠨᠲ᠋ᠧᠷᠨᠧᠲ ᠢᠶᠡᠷ ᠮᠦᠷᠦᠢ ᠲᠠᠢ ᠲᠤᠭᠯᠠᠭᠰᠠᠨ ᠬᠡᠷᠡᠭ ᠢ ᠢᠯᠡᠷᠡᠬᠦᠯᠵᠦ ᠂ ᠬᠡᠷᠡᠭ ᠲᠤ ᠬᠤᠯᠪᠤᠭᠲᠠᠭᠰᠠᠨ 25 ᠬᠦᠮᠦᠨ ᠢ ᠪᠠᠷᠢᠪᠴᠢᠯᠠᠵᠤ᠂ 500 ᠭᠠᠷᠤᠢ ᠪᠠᠩᠬᠢ ᠶᠢᠨ ᠺᠠᠷᠲ ᠪᠠ 3.6 ᠳ᠋ᠦᠩᠰᠢᠭᠤᠷ ᠭᠠᠷᠤᠢ ᠲᠦᠭᠦᠷᠢᠭ᠌ ᠵᠤᠭᠤᠰ ᠢ ᠴᠠᠷᠴᠠᠭᠠᠪᠠ᠃

    2016 ᠤᠨ ᠤ 10 ᠰᠠᠷ᠎ᠠ ᠳ᠋ᠤ᠂ ᠲᠦᠩᠯᠢᠶᠤᠤ ᠬᠤᠲᠠ ᠶᠢᠨ ᠴᠠᠭᠲᠠᠭᠠᠨ ᠤ ᠬᠢᠨ ᠠᠵᠢᠯ ᠤᠨ ᠶᠠᠪᠤᠴᠠ ᠳ᠋ᠠᠭᠠᠨ ᠤᠯᠠᠨ ᠬᠦᠮᠦᠨ ᠳ᠋ᠤ ᠬᠤᠯᠪᠤᠭᠲᠠᠭᠰᠠᠨ ᠢᠨᠲ᠋ᠧᠷᠨᠧᠲ ᠢᠶᠡᠷ ᠮᠦᠷᠦᠢ ᠲᠠᠢ ᠲᠤᠭᠯᠠᠭᠰᠠᠨ ᠬᠡᠷᠡᠭ ᠤᠨ ᠰᠦᠪᠡᠭ᠍ᠴᠢ ᠶᠢ ᠢᠯᠡᠷᠡᠬᠦᠯᠦᠨ᠂ ᠲᠡᠷᠡ ᠲᠠᠷᠤᠢ ᠳ᠋ᠤᠨᠢ ᠲᠤᠰᠬᠠᠢ ᠬᠡᠷᠡᠭ ᠤᠨ ᠠᠵᠢᠯ ᠤᠨ ᠪᠠᠭ ᠵᠤᠬᠢᠶᠠᠨ ᠪᠠᠶᠢᠭᠤᠯᠵᠤ ᠮᠦᠷᠲᠡᠨ ᠢᠯᠡᠷᠡᠬᠦᠯᠬᠦ ᠠᠵᠢᠯ ᠢᠶᠡᠨ ᠡᠬᠢᠯᠡᠬᠦᠯᠪᠡ᠃ 8 ᠰᠠᠷ᠎ᠠ ᠭᠠᠷᠤᠢ ᠶᠢᠨ ᠮᠦᠷᠲᠡᠨ ᠢᠯᠡᠷᠡᠬᠦᠯᠬᠦ ᠠᠵᠢᠯ ᠢᠶᠡᠷ ᠲᠠᠮᠵᠢᠨ᠂ ᠲᠤᠰᠬᠠᠢ ᠬᠡᠷᠡᠭ ᠤᠨ ᠠᠵᠢᠯ ᠤᠨ ᠪᠠᠭ ᠤᠨ ᠬᠢᠨ ᠢᠨᠲ᠋ᠧᠷᠨᠧᠲ ᠢᠶᠡᠷ ᠮᠦᠷᠦᠢ ᠲᠠᠢ ᠲᠤᠭᠯᠠᠬᠤ ᠭᠠᠵᠠᠷ ᠤᠨ ᠡᠵᠡᠮᠰᠢᠵᠦ ᠪᠦᠬᠦᠢ ᠬᠦᠷᠦᠩᠭᠡ᠂ ᠪᠦᠲᠦᠴᠡ ᠪᠦᠷᠢᠯᠲᠦᠬᠦᠨ᠂ ᠬᠦᠷᠦᠩᠭᠡ ᠶᠢᠨ ᠬᠦᠢᠯᠭᠡᠭᠡᠯᠲᠡ ᠵᠡᠷᠭᠡ ᠶᠢ ᠨᠠᠷᠢᠨ ᠤᠶᠢᠯᠠᠭᠠᠵᠠᠢ᠃

    ᠡᠨᠡᠬᠦ ᠢᠨᠲ᠋ᠧᠷᠨᠧᠲ ᠢᠶᠡᠷ ᠮᠦᠷᠦᠢ ᠲᠠᠢ ᠲᠤᠭᠯᠠᠬᠤ ᠭᠠᠵᠠᠷ ᠤᠨ ᠡᠵᠡᠨ ᠨᠢ ᠪᠢᠷᠮᠠ ᠶᠢᠨ ᠯᠢᠦ ᠤᠪᠤᠭᠲᠤ ᠪᠠᠶᠢᠵᠤ᠂ ᠯᠢᠦ ᠤᠪᠤᠭᠲᠤ ᠶᠢᠨ ᠵᠠᠬᠢᠷᠤᠯ ᠳ᠋ᠡᠭᠢ ᠵᠠᠩ ᠤᠪᠤᠭᠲᠤ ᠪᠢᠷᠮᠠ ᠶᠢᠨ ᠮᠦᠷᠦᠢ ᠲᠠᠢ ᠲᠤᠭᠯᠠᠬᠤ ᠭᠠᠵᠠᠷ ᠤᠨ ᠪᠠᠶᠢᠲᠠᠯ ᠢ ᠦᠨᠳᠦᠰᠦᠯᠡᠨ ᠶᠦᠩ ᠴᠠᠩ᠂ ᠯᠦᠩ ᠶᠤᠧᠠᠨ᠂ ᠵᠢᠨ ᠵᠢᠶᠠᠩ ᠵᠡᠷᠭᠡ ᠢᠨᠲ᠋ᠧᠷᠨᠧᠲ ᠢᠶᠡᠷ ᠮᠦᠷᠦᠢ ᠲᠠᠢ ᠲᠤᠭᠯᠠᠬᠤ ᠵᠤᠭ᠎ᠠ ᠴᠡᠩᠭᠡᠬᠦᠨ ᠤ ᠲᠢᠩᠬᠢᠮ ᠢ ᠡᠷᠬᠢᠯᠡᠵᠦ᠂ ᠲᠠᠷᠠᠭ᠎ᠠ ᠪᠡᠷ ᠨᠢ ᠴᠧᠨ ᠤᠪᠤᠭᠲᠤ᠂ ᠠᠨ ᠤᠪᠤᠭᠲᠤ ᠵᠡᠷᠭᠡ ᠤᠷᠤᠯᠠᠭᠴᠢ ᠪᠡᠷ ᠲᠤᠮᠲᠠᠲᠤ ᠤᠯᠤᠰ ᠤᠨ ᠢᠷᠭᠡᠨ ᠢ ᠮᠦᠷᠦᠢ ᠲᠠᠢ ᠲᠤᠭᠯᠠᠭᠠᠮ ᠳ᠋ᠤ ᠦᠷᠭᠡᠨ ᠢᠶᠡᠷ ᠤᠷᠤᠯᠴᠠᠭᠤᠯᠬᠤ ᠪᠡᠷ ᠠᠵᠢᠯᠯᠠᠵᠠᠢ᠃

    ᠪᠦᠷᠢᠳᠭᠡᠭ᠍ᠰᠡᠨ ᠢᠶᠡᠷ᠂ ᠡᠲᠡᠭᠡᠷ ᠮᠦᠷᠦᠢ ᠲᠠᠢ ᠲᠤᠭᠯᠠᠭᠠᠮ ᠤᠨ ᠢᠨᠲ᠋ᠧᠷᠨᠧᠲ ᠨᠢ ᠡᠲᠦᠷ ᠲᠤ 1 ᠳ᠋ᠦᠩᠰᠢᠭᠤᠷ ᠤᠷᠴᠢᠮ ᠤᠨ ᠮᠦᠷᠦᠢ ᠲᠠᠯᠪᠢᠵᠤ᠂ ᠪᠦᠷᠢᠳᠭᠡᠭᠦᠯᠦᠭᠰᠡᠨ ᠳ᠋ᠤᠭᠠᠷ ᠨᠢ 3.3 ᠳ᠋ᠦᠩᠰᠢᠭᠤᠷ ᠬᠦᠷᠪᠠ᠃

    ᠤᠲᠤᠬᠠᠨ ᠳ᠋ᠤ ᠬᠡᠷᠡᠭ ᠤᠨ ᠲᠤᠬᠠᠢ ᠤᠯᠠᠮ ᠴᠢᠨᠠᠬᠰᠢᠳᠠ ᠪᠠᠶᠢᠴᠠᠭᠠᠵᠤ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121191162