蒙古文网站Logo
ᠰᠢᠨᠬᠤᠸᠠ ᠮᠤᠩᠭ᠋ᠤᠯ ᠨᠧᠲ

ᠬᠦᠯᠦᠨ ᠪᠤᠶᠢᠷ ᠬᠤᠲᠠ ᠶᠢᠨ ᠲᠦᠷᠦ ᠶᠢᠨ ᠵᠡᠷᠭᠡᠯᠡᠯ ᠤᠨ ᠮᠠᠰᠢᠨ ᠲᠡᠷᠭᠡᠨ ᠤ ᠲᠤᠷᠰᠢᠯᠲᠠ ᠶᠢᠨ ᠲᠦᠪ ᠤᠨ ᠲᠦᠰᠦᠯ ᠡᠬᠢᠯᠡᠪᠡ

2017-06-23 11:05

    6 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠮᠠᠰᠢᠨ ᠲᠡᠷᠭᠡᠨ ᠤ ᠰᠤᠳᠤᠯᠭᠠᠨ ᠤ ᠲᠦᠪ᠂ ᠬᠦᠯᠦᠨ ᠪᠤᠶᠢᠷ ᠬᠤᠲᠠ ᠶᠢᠨ ᠬᠠᠭᠤᠴᠢᠨ ᠪᠠᠷᠠᠭᠤ ᠬᠤᠰᠢᠭᠤᠨ ᠤ ᠵᠠᠰᠠᠭ ᠤᠨ ᠤᠷᠳᠤᠨ᠂ ᠪᠡᠭᠡᠵᠢᠩ ᠤᠨ ᠴᠤᠸᠠᠩ ᠳ᠋ᠸ ᠰᠤᠶᠤᠯ ᠵᠠᠭᠤᠴᠢᠯᠠᠭᠤᠷ ᠤᠨ ᠪᠦᠯᠦᠭᠯᠡᠯ ᠡᠴᠡ ᠬᠠᠮᠲᠤᠷᠠᠨ ᠰᠠᠨᠠᠭᠠᠴᠢᠯᠠᠭᠰᠠᠨ ᠬᠦᠯᠦᠨ ᠪᠤᠶᠢᠷ ᠬᠤᠲᠠ ᠶᠢᠨ ᠲᠦᠷᠦ ᠶᠢᠨ ᠵᠡᠷᠭᠡᠯᠡᠯ ᠤᠨ ᠮᠠᠰᠢᠨ ᠲᠡᠷᠭᠡᠨ ᠤ ᠲᠤᠷᠰᠢᠯᠲᠠ ᠶᠢᠨ ᠲᠦᠪ ᠵᠢᠴᠢ ᠲᠤᠮᠳᠠᠳᠤ ᠤᠯᠤᠰ ᠤᠨ ᠮᠠᠰᠢᠨ ᠲᠡᠷᠭᠡᠨ ᠤ ᠲᠦᠪ ᠤᠨ ᠬᠦᠯᠦᠨ ᠪᠤᠶᠢᠷ ᠬᠤᠲᠠ ᠳ᠋ᠡᠭᠢ ᠡᠪᠤᠯ ᠤᠨ ᠤᠯᠠᠷᠢᠯ ᠤᠨ ᠮᠠᠰᠢᠨ ᠲᠡᠷᠭᠡᠨ ᠤ ᠲᠤᠷᠰᠢᠯᠲᠠ ᠶᠢᠨ ᠲᠠᠯᠠᠪᠠᠢ ᠶᠢᠨ ᠬᠦᠬᠡ ᠨᠠᠭᠤᠷ ᠲᠤᠷᠰᠢᠯᠲᠠ ᠶᠢᠨ ᠲᠤᠭᠤᠷᠢᠭ ᠤᠨ ᠲᠦᠰᠦᠯ ᠤᠨ ᠡᠬᠢᠯᠡᠯᠲᠡ ᠶᠢᠨ ᠶᠤᠰᠤᠯᠠᠯ ᠬᠠᠭᠤᠴᠢᠨ ᠪᠠᠷᠭᠤ ᠬᠤᠰᠢᠭᠤᠨ ᠳᠤ ᠶᠠᠪᠤᠭᠳᠠᠪᠠ᠃

    ᠲᠤᠰ ᠲᠦᠰᠦᠯ ᠤᠨ ᠦᠨᠳᠦᠰᠦᠨ ᠪᠠᠷᠢᠯᠭ᠎ᠠ ᠳᠤ ᠨᠡᠶᠢᠲᠡ 2 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠪᠠ᠂ 100 ᠮᠤ ᠲᠠᠯᠠᠪᠠᠢ ᠲᠠᠢ᠃ ᠡᠪᠤᠯ ᠤᠨ ᠤᠯᠠᠷᠢᠯ ᠤᠨ ᠬᠠᠭᠤᠷᠠᠢ ᠵᠠᠮ ᠤᠨ ᠲᠤᠷᠰᠢᠯᠲᠠ ᠶᠢᠨ ᠬᠦᠶᠦᠯᠲᠡ ᠶᠢᠨ ᠵᠠᠮ᠂ ᠢᠵᠢ ᠪᠦᠷᠢᠨ ᠴᠡᠨᠡᠭᠯᠡᠬᠦ ᠲᠦᠬᠦᠭᠡᠷᠦᠮᠵᠢ ᠵᠢᠴᠢ ᠢᠵᠢ ᠪᠦᠷᠢᠨ ᠬᠦᠶᠦᠯᠲᠠ ᠶᠢᠨ ᠵᠠᠮ ᠢ ᠪᠠᠶᠢᠭᠤᠯᠵᠤ᠂ ᠬᠠᠭᠠᠰ ᠬᠠᠭᠠᠯᠲᠠ ᠲᠠᠢ ᠤᠶᠤᠨᠴᠢ ᠭᠠᠷ ᠤᠲᠠᠰᠤ ᠶᠢ ᠮᠠᠰᠢᠨ ᠲᠠᠢ ᠬᠤᠯᠪᠤᠭᠰᠠᠨ ᠡᠪᠤᠯ ᠤᠨ ᠤᠯᠠᠷᠢᠯ ᠤᠨ ᠵᠠᠮ ᠤᠨ ᠦᠵᠡᠮᠵᠢ ᠶᠢ ᠪᠠᠶᠢᠭᠤᠯᠬᠤ ᠪᠡᠷ ᠪᠤᠢ᠃ 2017 ᠤᠨ ᠡᠴᠡ 2019 ᠤᠨ ᠪᠤᠯᠲᠠᠯ᠎ᠠ᠂ ᠭᠤᠷᠪᠠᠨ ᠬᠤᠭᠤᠴᠠᠭ᠎ᠠ ᠬᠤᠪᠢᠶᠠᠨ ᠪᠦᠳᠦᠭᠡᠨ ᠪᠠᠢᠢᠭᠤᠯᠤᠨ᠎ᠠ᠃ ᠡᠭᠦᠨ ᠳᠤ᠂ ᠨᠢᠭᠡᠳᠦᠭᠡᠷ ᠬᠤᠭᠤᠴᠠᠭᠠᠨ ᠤ ᠡᠵᠡᠯᠡᠬᠦ ᠲᠠᠯᠠᠪᠠᠢ ᠨᠢ 5000 ᠺᠦᠸᠠᠳ᠋ ᠮᠸᠲ᠋ᠷ᠂ 5000 ᠲᠦᠮᠡᠨ ᠲᠦᠬᠦᠷᠢᠭ᠌ ᠤᠨ ᠪᠡᠯᠡ ᠤᠷᠤᠭᠤᠯᠤᠯᠲᠠ ᠬᠢᠵᠤ᠂ ᠤᠷᠢᠳᠴᠢᠯᠠᠨ ᠲᠤᠭᠠᠴᠠᠭᠠᠯᠠᠭᠰᠠᠨ ᠢᠶᠡᠷ ᠦᠨᠦ ᠵᠢᠯ ᠤᠨ 10 ᠰᠠᠷ᠎ᠠ ᠳᠤ ᠠᠵᠢᠯ ᠳᠠᠭᠤᠰᠤᠨ᠎ᠠ᠃ ᠬᠤᠶᠠᠳᠤᠭᠠᠷ ᠬᠤᠭᠤᠴᠠᠭ᠎ᠠ ᠵᠢᠴᠢ ᠭᠤᠷᠪᠠᠳᠤᠭᠠᠷ ᠬᠤᠭᠤᠴᠠᠭ᠎ᠠ ᠳᠤ 1.5 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠬᠢᠵᠤ᠂ ᠮᠠᠰᠢᠨ ᠲᠡᠷᠭᠡᠨ ᠤ ᠦᠢᠯᠡᠳᠪᠦᠷᠢ ᠶᠢᠨ ᠬᠡᠷᠡᠭᠴᠡᠭᠡ ᠶᠢ ᠦᠨᠳᠦᠰᠦᠯᠡᠨ ᠠᠳᠠᠯᠢ ᠪᠤᠰᠤ ᠪᠠᠷᠢᠮᠵᠢᠶ᠎ᠠ ᠲᠠᠢ ᠪᠤᠳᠠᠭᠠᠯᠢ ᠴᠤᠭᠴᠠᠲᠤ ᠪᠦᠲᠦᠴᠡ ᠶᠢ ᠡᠭᠦᠳᠴᠤ᠂ ᠠᠳᠠᠯᠢ ᠪᠤᠰᠤ ᠦᠢᠯᠡᠳᠪᠦᠷᠢ ᠶᠢᠨ ᠲᠤᠰᠠᠭᠠᠷ ᠲᠤᠷᠰᠢᠯᠲᠠ ᠶᠢᠨ ᠱᠠᠭᠠᠷᠳᠠᠯᠭ᠎ᠠ ᠶᠢ ᠬᠠᠩᠭ᠋ᠠᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121197713