蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠢᠭᠤᠯᠴᠢᠯᠠᠯ ᠤᠨ  ᠬᠦᠭ᠍ᠵᠢᠬᠦᠯᠦᠯᠲᠠ ᠶᠢᠨ ᠵᠦᠪᠯᠡᠯ ᠢᠯᠡᠷᠬᠡᠶᠢᠯᠡᠯ ᠰᠡᠬᠦᠪᠠ

2017-06-27 10:44

    6 ᠰᠠᠷ᠎ᠠ ᠶᠢᠨ 26 ᠤ ᠡᠳᠦᠷ᠂ ᠥᠪᠦᠷ ᠮᠣᠩᠭ᠋ᠤᠯ ᠤᠨ ᠦᠪᠡᠷᠳᠡᠬᠡᠨ ᠵᠠᠰᠠᠬᠤ ᠤᠷᠤᠨ ᠵᠢᠴᠢ ᠡᠯ᠎ᠠ ᠠᠶᠢᠮᠠᠭ ᠬᠤᠲᠠ ᠶᠢᠨ ᠵᠢᠭᠤᠯᠴᠢᠯᠠᠯ ᠤᠨ ᠲᠤᠪᠴᠢᠶ᠎ᠠ ᠪᠠᠶᠢᠭᠤᠯᠤᠯᠭ᠎ᠠ ᠶᠢᠨ ᠨᠠᠷ᠎ᠠ ᠪᠡᠨ ᠵᠢᠭᠤᠯᠴᠢᠯᠠᠯ ᠤᠨ  ᠬᠦᠭ᠍ᠵᠢᠬᠦᠯᠦᠯᠲᠠ ᠶᠢᠨ ᠵᠦᠪᠯᠡᠯ ᠬᠡᠵᠤ ᠥᠬᠡᠷᠡᠴᠢᠯᠡᠭᠰᠡᠨ ᠢᠯᠡᠷᠬᠡᠶᠢᠯᠡᠯ ᠰᠡᠬᠦᠬᠦ ᠶᠤᠰᠤᠯᠠᠯ ᠮᠠᠨᠵᠤᠤᠷ ᠬᠤᠳᠠ ᠳᠤ ᠶᠠᠪᠤᠬᠳᠠᠪᠠ᠃

    ᠥᠪᠦᠷ ᠮᠣᠩᠭ᠋ᠤᠯ ᠳᠤᠮᠳᠠᠳᠤ ᠤᠯᠤᠰ ᠤᠨ ᠤᠮᠠᠷᠠᠲᠤ ᠬᠢᠵᠡᠭᠠᠷ ᠲᠤ ᠪᠠᠶᠢᠷᠢᠯᠠᠵᠤ᠂ ᠤᠷᠤᠰ ᠂ ᠮᠣᠩ᠋ᠭᠤᠯ ᠤᠯᠤᠰ ᠲᠠᠢ ᠬᠦᠷᠰᠢᠯᠡᠳᠡᠭ᠃ ᠰᠡᠬᠦᠯ ᠤᠨ ᠵᠢᠯ ᠤᠳ ᠲᠤ᠂ ᠥᠪᠦᠷ ᠮᠣᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠢᠭᠤᠯᠴᠢᠯᠠᠯ ᠤᠨ ᠥᠢᠯᠡᠰ ᠦᠳᠳᠡᠷ ᠲᠦᠷᠬᠡᠨ ᠬᠦᠭ᠍ᠵᠢᠵᠤ᠂ ᠤᠨᠴᠠᠭᠠᠢᠢᠯᠠᠨ ᠪᠷᠧᠨ᠋ᠳ᠋ ᠤᠨ ᠡᠬᠦᠳᠤᠯᠳᠠ᠂ ᠤᠷᠤᠨ ᠳᠠᠶᠠᠭᠠᠷ ᠤᠨ ᠵᠢᠭᠤᠯᠴᠢᠯᠠᠯ᠂ ᠵᠤᠷᠯᠤᠩ ᠤᠨ ᠬᠤᠪᠢᠰᠬᠠᠯ ᠪᠤᠯᠤᠨ ᠵᠢᠭᠤᠯᠴᠢᠯᠠᠯ ᠤᠨ ᠭᠠᠳᠠᠭᠠᠳᠤ ᠬᠠᠷᠢᠯᠴᠠᠭ᠎ᠠ ᠵᠡᠷᠬᠡ ᠳ᠋ᠠᠩ ᠲᠦᠷᠤᠯ ᠤᠨ ᠭᠤᠤᠯᠳᠠᠯᠭ᠎ᠠ ᠳᠠᠢ ᠠᠵᠢᠯ ᠤᠨ ᠲᠠᠯ᠎ᠠ ᠪᠡᠷ ᠤᠯᠤᠰ ᠳᠠᠶᠠᠭᠠᠷ ᠤᠨ ᠡᠮᠤᠨᠡᠬᠦᠷ ᠵᠢᠬᠰᠠᠭᠠᠬᠳᠠᠬᠰᠠᠨ ᠪᠠᠢᠢᠨ᠎ᠠ᠃

    ᠥᠪᠦᠷ ᠮᠣᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠢᠭᠤᠯᠴᠢᠯᠠᠯ ᠤᠨ  ᠬᠦᠭ᠍ᠵᠢᠬᠦᠯᠦᠯᠲᠠ ᠶᠢᠨ ᠵᠦᠪᠯᠡᠯ ᠤᠨ ᠲᠤᠪᠴᠢᠶᠠᠨ ᠳᠠᠷᠤᠭ᠎ᠠ ᠸᠸᠢ ᠭᠦᠧᠧ ᠨᠠᠨ᠂ ᠥᠪᠦᠷ ᠮᠣᠩᠭ᠋ᠤᠯ  ᠵᠢᠴᠢ ᠡᠯ᠎ᠠ ᠠᠶᠢᠮᠠᠭ ᠬᠤᠲᠠ ᠶᠢᠨ ᠵᠢᠭᠤᠯᠴᠢᠯᠠᠯ ᠤᠨ ᠲᠤᠪᠴᠢᠶ᠎ᠠ ᠪᠠᠶᠢᠭᠤᠯᠤᠯᠭ᠎ᠠ ᠶᠢᠨ ᠨᠠᠷ᠎ᠠ ᠪᠡᠨ ᠵᠢᠭᠤᠯᠴᠢᠯᠠᠯ ᠤᠨ  ᠬᠦᠭ᠍ᠵᠢᠬᠦᠯᠦᠯᠲᠠ ᠶᠢᠨ ᠵᠦᠪᠯᠡᠯ ᠬᠡᠵᠤ ᠥᠬᠡᠷᠡᠴᠢᠯᠡᠡᠭᠰᠡᠨ ᠨᠢ ᠥᠪᠦᠷ ᠮᠣᠩᠭ᠋ᠤᠯ ᠤᠨ ᠵᠢᠭᠤᠯᠴᠢᠯᠠᠯ ᠤᠨ ᠬᠦᠭ᠍ᠵᠢᠯᠲᠠ ᠶᠢᠨ ᠲᠡᠤᠬᠡᠨ ᠳ᠋ᠡᠬᠢ ᠬᠦᠨᠳᠤ ᠶᠡᠬᠡ ᠠᠴᠢ ᠬᠤᠯᠪᠤᠬᠳᠠᠯ ᠳᠠᠢ ᠶᠠᠪᠤᠳᠠᠯ ᠪᠤᠯᠤᠨ᠎ᠠ᠂ ᠡᠨᠡ ᠨᠢ ᠵᠢᠭᠤᠯᠴᠢᠯᠠᠯ ᠤᠨ ᠥᠢᠯᠡᠰ ᠤᠨ ᠶᠠᠷᠤᠩᠬᠡᠢᠢᠯᠠᠨ ᠵᠤᠬᠢᠴᠠᠭᠤᠯᠵᠤ ᠬᠠᠮᠢᠶᠠᠷᠬᠤ ᠲᠤᠬᠳᠠᠴᠠ ᠶᠢ ᠪᠠᠶᠢᠭᠤᠯᠬᠤ ᠴᠢᠬᠤᠯᠠ ᠰᠢᠨ᠎ᠠ ᠡᠬᠦᠳᠤᠯᠳᠠ ᠪᠠ ᠲᠡᠤᠬᠡ ᠶᠢᠨ ᠰᠢᠪᠳᠤᠯᠤᠯᠲᠠ ᠪᠤᠯᠬᠤ ᠶᠢ ᠬᠠᠷᠠᠭᠤᠯᠵᠤ᠂ ᠥᠪᠦᠷ ᠮᠣᠩᠭ᠋ᠤᠯ ᠤᠨ ᠵᠢᠭᠤᠯᠴᠢᠯᠠᠯ ᠤᠨ ᠥᠢᠯᠡᠰ ᠤᠨ ᠬᠦᠭ᠍ᠵᠢᠯᠲᠠ ᠶᠢᠨ ᠬᠦᠳᠡᠯᠬᠡᠬᠦ ᠬᠦᠴᠦᠨ ᠪᠤᠯᠤᠨ ᠨᠦᠬᠡᠴᠡ ᠬᠦᠴᠤᠨ ᠢ ᠨᠡᠩ ᠴᠢᠨᠠᠬᠰᠢᠳᠠ ᠨᠡᠮᠡᠭᠳᠡᠬᠦᠯᠬᠦ ᠪᠤᠯᠤᠨ᠎ᠠ ᠬᠡᠵᠤ ᠢᠯᠡᠷᠭᠡᠶᠢᠯᠡᠵᠡᠢ᠃

ᠢᠷᠡᠯᠳᠡ᠄ ᠳᠤᠮᠳᠠᠳᠤ ᠤᠯᠤᠰ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121217845