蒙古文网站Logo
ᠰᠢᠨᠬᠤᠸᠠ ᠮᠤᠩᠭ᠋ᠤᠯ ᠨᠧᠲ

ᠲᠦᠪ  ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠪᠠᠭ《 ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ》- ᠦᠬᠠᠢ ᠳᠤ ᠬᠦᠷᠪᠡ

2017-06-28 11:22

    ᠦᠬᠠᠢ ᠬᠤᠲᠠ ᠪᠤᠯ ᠦᠪᠦᠷ ᠮᠣᠩᠭᠣᠯ ᠤᠨ ᠪᠠᠷᠠᠭᠤᠨ ᠬᠡᠰᠡᠭ ᠢᠶᠡᠷ ᠪᠠᠶᠢᠷᠢᠯᠠᠳᠠᠭ ᠰᠢᠨ᠎ᠠ ᠪᠡᠷ ᠮᠠᠨᠳᠤᠭᠰᠠᠨ ᠠᠵᠤ ᠦᠢᠯᠡᠳᠪᠦᠷᠢ ᠶᠢᠨ ᠬᠤᠲᠠ ᠪᠤᠯᠤᠨ᠎ᠠ᠃ ᠪᠦᠰᠡ ᠨᠤᠲᠤᠭ ᠤᠨ ᠲᠠᠯᠠᠪᠠᠢ ᠨᠢ ᠪᠠᠭ᠎ᠠ ᠪᠤᠯᠪᠠᠴᠤ ᠦᠩᠭᠡ ᠦᠵᠡᠮᠵᠢ ᠨᠢ ᠰᠠᠶᠢᠬᠠᠨ᠂ ᠭᠠᠷᠮᠠᠭᠠᠢ ᠴᠢᠳᠠᠪᠤᠷᠢᠲᠠᠨ ᠴᠤᠭᠯᠠᠷᠠᠭᠰᠠᠨ ᠠᠷᠢᠭᠤᠨ ᠳᠠᠭᠱᠢᠨ ᠤᠷᠤᠨ᠃ 6 ᠰᠠᠷ᠎ᠠ ᠶᠢᠨ 24 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠲᠤᠬᠢᠶᠠᠯᠳᠤᠭᠤᠯᠤᠨ ᠲᠦᠪ  ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠪᠠᠭ ᠦᠵᠡᠮᠵᠢᠲᠤ ᠰᠠᠶᠢᠬᠠᠨ ᠤᠷᠠᠨ ᠪᠢᠴᠢᠯᠭᠡ ᠶᠢᠨ ᠬᠤᠲᠠ ᠪᠤᠯᠬᠤ ᠦᠬᠠᠢ ᠳᠤ ᠬᠦᠷᠴᠤ ᠲᠦᠪᠯᠡᠷᠡᠭᠦᠯᠦᠨ ᠰᠤᠷᠪᠤᠯᠵᠢᠯᠠᠬᠤ ᠠᠵᠢᠯᠯᠠᠭ᠎ᠠ ᠶᠠᠪᠤᠭᠳᠠᠭᠤᠯᠵᠠᠢ᠃

    ᠰᠤᠷᠪᠤᠯᠵᠢᠯᠠᠭ᠎ᠠ ᠶᠢᠨ ᠪᠠᠭ ᠤᠨ ᠬᠢᠨ ᠡᠩ ᠲᠡᠷᠢᠭᠦᠨ ᠳᠤ ᠤᠳᠠ ᠠᠵᠤ ᠦᠢᠯᠡᠳᠪᠦᠷᠢ ᠶᠢᠨ ᠬᠦᠷᠢᠶᠡᠯᠡᠩ ᠳᠡᠬᠢ ᠦᠪᠦᠷ ᠮᠣᠩᠭᠣᠯ ᠤᠨ ᠳ᠋ᠦᠩ ᠶᠤᠸᠠᠨ ᠲᠸᠭ᠍ᠨᠤᠯᠤᠭᠢ ᠶᠢᠨ ᠬᠠᠷᠢᠭᠤᠴᠠᠯᠭᠠᠲᠤ ᠺᠤᠮᠫᠠᠨᠢ ᠳᠤ ᠬᠦᠷᠪᠠ᠃ ᠲᠤᠰ ᠺᠤᠮᠫᠠᠨᠢ ᠪᠤᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠡᠷᠢᠭ ᠠᠷᠠᠳ ᠠᠭᠤᠰᠤᠯᠴᠠᠭᠰᠠᠨ ᠵᠢᠱᠢᠶ᠎ᠠ ᠦᠵᠡᠭᠦᠯᠬᠦ ᠰᠠᠭᠤᠷᠢᠨ ᠪᠠᠰᠠ ᠴᠤ ᠦᠪᠦᠷ ᠮᠣᠩᠭᠣᠯ ᠤᠨ ᠴᠢᠬᠤᠯᠠ ᠤᠳᠤᠬᠢᠴᠢᠯᠠᠭᠰᠠᠨ ᠨᠡᠭᠦᠷᠡᠰᠤ ᠬᠢᠮᠢ ᠶᠢᠨ ᠠᠵᠤ ᠦᠢᠯᠡᠳᠪᠦᠷᠢ ᠪᠤᠯᠤᠨ ᠲᠡᠭᠡᠲᠤ ᠮᠤᠯᠸᠺᠦ᠋ᠯ ᠤᠨ ᠰᠢᠨ᠎ᠠ ᠮᠠᠲ᠋ᠸᠷᠢᠶᠠᠯ ᠦᠢᠯᠡᠳᠪᠦᠷᠢᠯᠡᠬᠦ᠂ ᠰᠤᠳᠤᠯᠤᠨ ᠬᠦᠭ᠍ᠵᠢᠭᠦᠯᠬᠦ ᠵᠢᠱᠢᠶ᠎ᠠ ᠦᠵᠡᠭᠦᠯᠬᠦ ᠰᠠᠭᠤᠷᠢᠨ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121225892