蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠯᠠᠱᠠ ᠵᠡᠭᠦᠨ ᠬᠤᠰᠢᠭᠤ 26 ᠨᠡᠭᠦᠷᠡᠰᠤ ᠤᠬᠢᠶᠠᠬᠤ ᠦᠢᠯᠡᠳᠪᠦᠷᠢ ᠨᠤᠷᠠᠭᠠᠵᠤ ᠠᠯᠠᠱᠠ ᠠᠭᠤᠯᠠ ᠶᠢ ᠬᠠᠮᠠᠭᠠᠯᠠᠵᠤ ᠪᠤᠢ

2017-06-29 16:57

    ᠲᠦᠷᠦᠭᠦᠬᠡᠨ ᠠᠯᠠᠱᠠ ᠵᠡᠭᠦᠨ ᠬᠤᠰᠢᠭᠤᠨ ᠡᠴᠡ ᠠᠵᠤ ᠦᠢᠯᠡᠳᠪᠦᠷᠢᠯᠡᠯ ᠪᠤᠯᠤᠨ ᠰᠤᠷᠠᠭ ᠵᠠᠩᠭᠢᠴᠢᠯᠠᠯᠠᠲᠠ᠂ ᠤᠷᠴᠢᠨ ᠠᠬᠤᠢ ᠶᠢ ᠬᠠᠮᠠᠭᠠᠯᠠᠬᠤ᠂ ᠠᠮᠤᠷ ᠢ ᠪᠠᠶᠢᠴᠠᠭᠠᠬᠤ᠂ ᠤᠯᠤᠰ ᠤᠨ ᠭᠠᠵᠠᠷ ᠰᠢᠷᠦᠢ᠂ ᠳᠤᠲᠤᠭᠠᠲᠤ ᠶᠢ ᠬᠠᠮᠠᠭᠠᠯᠠᠬᠤ᠂ ᠤᠢ ᠰᠢᠭᠤᠢ ᠵᠢᠴᠢ ᠬᠦᠳᠡᠭᠡ ᠤᠷᠤᠨ ᠨᠤᠲᠤᠭ ᠤᠨ ᠠᠮᠢ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠠ᠂ ᠠᠯᠠᠱᠠ ᠠᠭᠤᠯᠠ ᠶᠢᠨ ᠬᠠᠮᠢᠶᠠᠷᠤᠯᠲᠠ ᠶᠢᠨ ᠲᠤᠪᠴᠢᠶ᠎ᠠ ᠵᠡᠷᠭᠡ ᠰᠠᠯᠠᠭ᠎ᠠ ᠮᠦᠴᠢᠷ ᠡᠴᠡ ᠤᠤᠯ ᠤᠨ ᠭᠤᠷᠪᠠᠨ ᠬᠦᠷᠢᠶᠡᠯᠡᠩ  ᠤᠨ ᠪᠦᠰᠡ ᠢᠢ ᠬᠢᠨᠠᠨ ᠪᠠᠶᠢᠴᠠᠭᠠᠬᠤ ᠪᠡᠷ ᠳᠠᠮᠵᠢᠨ ᠭᠠᠷ ᠭᠦᠢᠴᠡᠳᠭᠡᠯ ᠪᠦᠷᠢᠨ ᠪᠤᠰᠤ᠂ ᠠᠶᠤᠯᠭᠦᠢ ᠦᠢᠯᠡᠳᠪᠦᠷᠢᠯᠡᠯ ᠤᠨ ᠪᠠᠳᠤᠯᠠᠭ᠎ᠠ ᠦᠭᠡᠢ᠂ ᠤᠷᠴᠢᠨ ᠠᠬᠤᠢ ᠶᠢ ᠬᠦᠨᠲᠤ ᠨᠤᠴᠢᠳᠠᠢ ᠡᠪᠳᠡᠭᠳᠡᠭᠦᠯᠬᠦ᠂ ᠬᠠᠤᠯᠢ ᠪᠤᠰᠤ ᠪᠡᠷ ᠪᠦᠲᠦᠭᠡᠨ ᠪᠠᠶᠢᠭᠤᠯᠤᠭᠰᠠᠨ ᠵᠡᠷᠭᠡ 24 ᠢᠵᠢ ᠭᠠᠵᠠᠷ ᠪᠤᠯᠤᠨ 26 ᠨᠡᠭᠦᠷᠡᠰᠤ ᠤᠬᠢᠶᠠᠬᠤ ᠦᠢᠯᠡᠳᠪᠦᠷᠢ ᠶᠢ ᠬᠠᠤᠯᠢ ᠶᠤᠰᠤᠭᠠᠷ ᠨᠤᠷᠠᠭᠠᠬᠤ ᠪᠡᠷ ᠪᠤᠢ᠃

    ᠠᠯᠠᠱᠠ ᠠᠭᠤᠯᠠ ᠶᠢᠨ ᠠᠮᠢ ᠠᠬᠤᠢ ᠶᠢᠨ ᠤᠷᠴᠢᠨ ᠢ ᠬᠠᠮᠠᠭᠠᠯᠠᠬᠤ ᠠᠵᠢᠯ ᠢ ᠨᠠᠷᠢᠨ ᠪᠤᠲᠠᠲᠠᠢ ᠭᠦᠢᠴᠡᠳᠭᠡᠬᠦ ᠶᠢᠨ ᠲᠦᠯᠦᠭᠡ᠂ ᠠᠯᠠᠱᠠ ᠵᠡᠭᠦᠨ ᠬᠤᠰᠢᠭᠤ 6 ᠲᠤᠰᠬᠠᠢ ᠠᠵᠢᠯ ᠤᠨ ᠪᠠᠭ ᠵᠤᠬᠢᠶᠠᠨ ᠪᠠᠶᠢᠭᠤᠯᠵᠤ᠂ 6 ᠰᠠᠷ᠎ᠠ ᠶᠢᠨ 15 ᠤ ᠡᠳᠦᠷ ᠡᠴᠡ ᠡᠬᠢᠯᠡᠨ ᠠᠯᠠᠱᠠ ᠠᠭᠤᠯᠠ ᠶᠢᠨ ᠬᠠᠮᠠᠭᠠᠯᠠᠯᠲᠠ ᠶᠢᠨ ᠪᠦᠰᠡ᠂ ᠭᠤᠷᠪᠠᠨ ᠪᠦᠰᠡ ᠨᠤᠲᠤᠭ ᠤᠨ ᠨᠡᠭᠦᠷᠡᠰᠤᠨ ᠠᠭᠤᠷᠬᠠᠢ᠂ ᠬᠤᠯᠤᠰᠤᠲᠠᠢ ᠪᠦᠰᠡ ᠨᠤᠲᠤᠭ ᠤᠨ ᠨᠡᠭᠦᠷᠡᠰᠦᠨ ᠠᠭᠤᠷᠬᠠᠢ᠂ ᠠᠯᠠᠱᠠ ᠠᠭᠤᠯᠠ ᠶᠢᠨ ᠪᠦᠰᠡ ᠨᠤᠲᠤᠭ ᠤᠨ ᠨᠡᠭᠦᠷᠡᠰᠤ ᠤᠬᠢᠶᠠᠬᠤ ᠦᠢᠯᠡᠳᠪᠦᠷᠢ᠂ ᠵᠡᠭᠦᠨ ᠪᠡᠯ ᠤᠨ ᠵᠠᠮ ᠱᠤᠭᠤᠮ ᠳᠠᠭᠠᠤ ᠶᠢᠨ ᠪᠦᠰᠡ ᠨᠤᠲᠤᠭ᠂ ᠪᠠᠷᠠᠭᠤᠨ ᠪᠡᠯ ᠤᠨ ᠪᠦᠰᠡ ᠨᠤᠲᠤᠭ ᠢᠶᠡᠷ 40 ᠡᠳᠦᠷ ᠤᠨ ᠬᠤᠭᠤᠴᠠᠭ᠎ᠠ ᠲᠠᠢ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠢ ᠲᠦᠪᠯᠡᠷᠡᠭᠦᠯᠦᠨ ᠵᠠᠰᠠᠵᠤ ᠪᠠᠶᠢᠨ᠎ᠠ᠃ ᠭᠠᠷ ᠭᠦᠢᠴᠡᠳᠭᠡᠯ ᠪᠦᠷᠢᠨ ᠪᠤᠰᠤ᠂ ᠭᠠᠶᠢᠯᠢ ᠰᠦᠢᠳᠭᠡᠯ ᠦᠷᠢᠲᠦᠭᠰᠡᠨ᠂ ᠲᠤᠭᠲᠠᠭᠠᠯ ᠡᠴᠡ ᠵᠦᠷᠢᠴᠡᠨ ᠪᠦᠲᠦᠭᠡᠨ ᠪᠠᠶᠢᠭᠤᠯᠤᠭᠰᠠᠨ ᠵᠢᠴᠢ ᠠᠭᠤᠷᠬᠠᠢ ᠶᠢᠨ ᠪᠦᠰᠡ ᠶᠢᠨ ᠤᠷᠴᠢᠨ ᠲᠤᠭᠤᠷᠢᠨ ᠪᠠᠷᠤᠭᠲᠠᠢ ᠵᠡᠷᠭᠡ ᠠᠰᠠᠭᠤᠳᠠᠯ ᠳᠤ ᠴᠢᠭᠯᠡᠭᠦᠯᠦᠨ ᠲᠦᠪᠯᠡᠷᠡᠭᠦᠯᠦᠨ ᠪᠠᠶᠢᠴᠠᠭᠠᠵᠤ᠂ ᠪᠦᠬᠦ ᠲᠠᠯ᠎ᠠ ᠪᠡᠷ ᠵᠠᠰᠠᠵᠤ ᠪᠤᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121235576