蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ H7N9 ᠵᠢᠭᠦᠷᠲᠡᠨ ᠤ ᠬᠢᠵᠢᠭ᠌ ᠲᠤ ᠬᠠᠯᠳᠠᠪᠤᠷᠢᠯᠠᠬᠳᠠᠬᠰᠠᠨ ᠬᠤᠶᠠᠷ ᠬᠦᠮᠦᠨ ᠡᠷᠡᠭᠦᠯᠵᠢᠪᠠ

2017-06-29 16:57

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠵᠦᠪᠯᠡᠯ ᠡᠴᠡ ᠤᠶᠢᠯᠠᠭᠠᠭᠰᠠᠨ ᠢᠶᠡᠷ᠂ 5 ᠰᠠᠷ᠎ᠠ ᠶᠢᠨ 30 ᠤ ᠡᠳᠦᠷ ᠠᠩᠬ᠎ᠠ H7N9 ᠵᠢᠭᠦᠷᠲᠡᠨ ᠤ ᠬᠢᠵᠢᠭ᠌ ᠲᠤ ᠬᠠᠯᠳᠠᠪᠤᠷᠢᠯᠠᠬᠳᠠᠬᠰᠠᠨ ᠬᠦᠮᠦᠨ ᠢ ᠤᠨᠤᠰᠢᠯᠠᠭᠰᠠᠨ ᠡᠴᠡ ᠨᠠᠭᠠᠰᠢ ᠤᠷᠤᠨ ᠳᠠᠶᠠᠭᠠᠷ ᠲᠤ ᠨᠡᠶᠢᠲᠡ 4 ᠬᠦᠮᠦᠨ H7N9 ᠵᠢᠭᠦᠷᠲᠡᠨ ᠤ ᠬᠢᠵᠢᠭ᠌ ᠲᠤ ᠬᠠᠯᠳᠠᠪᠤᠷᠢᠯᠠᠬᠳᠠᠵᠠᠢ ᠂ ᠤᠳᠤᠬᠠᠨ ᠳᠤ ᠬᠤᠶᠠᠷ ᠡᠪᠡᠳᠴᠢᠲᠡᠨ ᠡᠷᠡᠭᠦᠯᠵᠢᠵᠤ ᠡᠮᠨᠡᠯᠭᠡ ᠡᠴᠡ ᠭᠠᠷᠪᠠ᠃

    ᠤᠶᠢᠯᠠᠭᠠᠭᠰᠠᠨ ᠢᠶᠡᠷ᠂ ᠡᠨᠡᠬᠦ ᠡᠷᠡᠭᠦᠯᠵᠢᠭᠰᠡᠨ ᠬᠤᠶᠠᠷ ᠡᠪᠡᠳᠴᠢᠲᠡᠨ ᠪᠤᠯ ᠪᠠᠶᠠᠨᠨᠠᠭᠤᠷ ᠬᠤᠲᠠ ᠪᠤᠯᠤᠨ ᠤᠷᠳᠤᠰ ᠬᠤᠲᠠ ᠶᠢᠨ ᠬᠦᠮᠦᠨ᠃ H7N9 ᠵᠢᠭᠦᠷᠲᠡᠨ ᠤ ᠬᠢᠵᠢᠭ᠌ ᠲᠤ ᠬᠠᠯᠳᠠᠪᠤᠷᠢᠯᠠᠬᠳᠠᠬᠰᠠᠨ ᠤᠷᠳᠤᠰ ᠬᠤᠲᠠ ᠶᠢᠨ ᠨᠦᠭᠦᠭᠡ ᠨᠢᠭᠡ ᠬᠦᠮᠦᠨ ᠤ ᠪᠦᠭᠡᠮ ᠬᠦᠴᠢᠯ ᠤᠨ ᠢᠰᠭᠡᠭᠦᠷ ᠨᠢ ᠤᠳᠤᠬᠠᠨ ᠳᠤ ᠨᠢᠭᠡᠨᠲᠡ ᠴᠢᠨᠠᠷᠦ ᠪᠤᠯᠵᠦ᠂ ᠪᠠᠶ᠎ᠠ ᠶᠢᠨ ᠬᠠᠯᠠᠭᠤᠨ  ᠨᠢ ᠬᠡᠪ ᠤᠨ ᠪᠠᠶᠢᠳᠠᠯ ᠲᠡᠢ᠂ ᠲᠠᠷᠢᠯᠭ᠎ᠠ ᠲᠠᠷᠢᠬᠤ ᠪᠡᠨ ᠵᠤᠭᠰᠤᠪᠠ᠃ ᠲᠦ᠋ᠩᠯᠢᠶᠤᠤ ᠬᠤᠲᠠ ᠶᠢᠨ ᠡᠪᠡᠳᠴᠢᠲᠡᠨ ᠤᠳᠤᠬᠠᠨ ᠳᠤ ᠪᠡᠶ᠎ᠠ ᠶᠢᠨ ᠬᠠᠯᠠᠭᠤᠨ ᠬᠡᠪ ᠤᠨ ᠪᠠᠶᠢᠳᠠᠯ ᠳᠤ ᠤᠷᠤᠵᠤ᠂ ᠪᠠᠶ᠎ᠠ ᠶᠢᠨ ᠪᠠᠶᠢᠳᠠᠯ ᠡᠷᠡᠭᠦᠯ᠂ ᠤᠶᠤᠨ ᠰᠠᠨᠠᠭᠠᠨ ᠤ ᠪᠠᠶᠢᠳᠠᠯ ᠰᠠᠶᠢᠨ ᠪᠠᠶᠢᠨ᠎ᠠ᠃ ᠤᠶᠢᠯᠠᠭᠠᠭᠰᠠᠨ ᠢᠶᠡᠷ᠂ ᠡᠯ᠎ᠠ ᠵᠡᠷᠭᠡᠯᠡᠯ ᠤᠨ ᠡᠪᠡᠳᠴᠢᠨ ᠢ ᠰᠡᠷᠭᠡᠶᠢᠯᠡᠬᠦ ᠲᠦᠪ ᠡᠴᠡ H7N9 ᠵᠢᠭᠦᠷᠲᠡᠨ ᠤ ᠬᠢᠵᠢᠭ᠌ ᠲᠤ ᠬᠠᠯᠳᠠᠪᠤᠷᠢᠯᠠᠬᠳᠠᠬᠰᠠᠨ ᠬᠦᠮᠦᠨ ᠲᠠᠢ ᠤᠶᠢᠷᠠᠳᠤᠬᠰᠠᠨ ᠬᠦᠮᠦᠰ ᠲᠦ ᠠᠨᠠᠭᠠᠬᠤ ᠤᠬᠠᠭᠠᠨ ᠤ ᠠᠵᠢᠬᠯᠠᠯᠳᠠ ᠬᠢᠭᠡᠳ ᠬᠦᠮᠦᠨ ᠡᠴᠡ ᠬᠦᠮᠦᠨ ᠳᠤ ᠬᠠᠯᠳᠠᠪᠤᠷᠢᠯᠠᠭᠰᠠᠨ ᠪᠠᠶᠢᠳᠠᠯ ᠢ ᠢᠯᠡᠷᠡᠭᠦᠯᠦᠭᠰᠡᠨ ᠦᠭᠡᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121235613