蒙古文网站Logo
ᠰᠢᠨᠬᠤᠸᠠ ᠮᠤᠩᠭ᠋ᠤᠯ ᠨᠧᠲ

《ᠦᠨᠳᠦᠰᠦᠲᠡᠨ ᠤ ᠵᠢᠷᠤᠭᠲᠤ ᠰᠡᠳᠬᠦᠯ》 ᠢ ᠰᠤᠲᠤᠯᠤᠨ ᠶᠠᠷᠢᠯᠴᠠᠬᠤ ᠬᠤᠷᠠᠯ ᠵᠢᠴᠢ ᠲᠦᠪ ᠤᠨ ᠬᠡᠪᠯᠡᠯ ᠮᠡᠲᠡᠭᠡᠯᠡᠯ ᠤᠨ ᠬᠢᠨ ᠤ ᠵᠠᠷᠤᠳ ᠬᠤᠰᠢᠭᠤᠨ ᠳ᠋ᠡᠬᠢ ᠰᠤᠷᠪᠤᠯᠵᠢᠯᠠᠭ᠎ᠠ ᠶᠢᠨ ᠡᠬᠢᠯᠡᠯᠲᠡ ᠶᠢᠨ ᠶᠤᠰᠤᠯᠠᠯ ᠪᠤᠯᠵᠤ ᠦᠩᠭᠡᠷᠡᠪᠡ

2017-07-03 13:22

    ᠰᠢᠨᠬᠤᠧᠠ ᠮᠤᠩᠭᠤᠯ ᠨᠧᠲ   ᠲᠦᠩᠯᠢᠶᠤᠤ ᠶᠢᠨ 7 ᠰᠠᠷ᠎ᠠ ᠶᠢᠨ 3 ᠪ ᠡᠲᠦᠷ ᠤᠨ ᠴᠠᠬᠢᠯᠭᠠᠨ ᠮᠡᠲᠡᠭᠡ ( ᠬ᠂ ᠦᠵᠡᠰᠭᠦᠯᠡᠩ ) 《ᠦᠨᠳᠦᠰᠦᠲᠡᠨ ᠤ ᠵᠢᠷᠤᠭᠲᠤ ᠰᠡᠳᠬᠦᠯ》 ᠢ ᠰᠤᠲᠤᠯᠤᠨ ᠶᠠᠷᠢᠯᠴᠠᠬᠤ ᠬᠤᠷᠠᠯ ᠵᠢᠴᠢ ᠲᠦᠪ ᠤᠨ ᠬᠡᠪᠯᠡᠯ ᠮᠡᠲᠡᠭᠡᠯᠡᠯ ᠤᠨ ᠬᠢᠨ ᠤ ᠵᠠᠷᠤᠳ ᠬᠤᠰᠢᠭᠤᠨ ᠳ᠋ᠡᠬᠢ ᠰᠤᠷᠪᠤᠯᠵᠢᠯᠠᠭ᠎ᠠ ᠶᠢᠨ ᠡᠬᠢᠯᠡᠯᠲᠡ ᠶᠢᠨ ᠶᠤᠰᠤᠯᠠᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠩᠯᠢᠶᠤᠤ ᠬᠤᠲᠠ ᠶᠢᠨ ᠵᠠᠷᠤᠳ ᠬᠤᠰᠢᠭᠤᠨ ᠤ ᠯᠦᠪᠧᠢ ᠪᠠᠯᠭᠠᠰᠤᠨ ᠳ᠋ᠤ ᠪᠤᠯᠵᠤ ᠦᠩᠭᠡᠷᠡᠪᠡ᠃

    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠪᠠᠶᠠᠷᠯᠠᠨ ᠲᠡᠮᠲᠡᠭᠯᠡᠵᠦ᠂ 《ᠦᠨᠳᠦᠰᠦᠲᠡᠨ ᠤ ᠵᠢᠷᠤᠭᠲᠤ ᠰᠡᠳᠬᠦᠯ》 ᠤᠨ ᠲᠤᠬᠠᠶᠢᠯᠠᠭᠰᠠᠨ ᠠᠵᠢᠯ ᠤᠨ ᠲᠤᠬᠠᠢ ᠰᠤᠲᠤᠯᠤᠨ ᠶᠠᠷᠢᠯᠴᠠᠵᠤ᠂ ᠦᠨᠳᠦᠰᠦᠲᠡᠨ ᠤ ᠤᠷᠤᠨ ᠳ᠋ᠡᠬᠢ ᠬᠠᠷᠢᠯᠴᠠᠭ᠋ ᠠ ᠶᠠᠪᠤᠯᠴᠠᠭ᠎ᠠ ᠪᠠᠨ ᠴᠢᠩᠭᠠᠳᠬᠠᠬᠤ ᠵᠤᠷᠢᠯᠭ᠎ᠠ ᠪᠡᠷ ᠡᠨᠡᠬᠦ ᠰᠤᠲᠤᠯᠤᠨ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠪᠠ᠃

    ᠮᠦᠨ ᠠᠵᠢᠯᠯᠠᠭᠠᠨ ᠤ ᠦᠶ᠎ᠠ ᠪᠡᠷ ᠲᠦᠪ ᠤᠨ ᠬᠡᠪᠯᠡᠯ ᠮᠡᠲᠡᠭᠡᠯᠡᠯ ᠤᠨ ᠬᠢᠨ ᠤ ᠵᠠᠷᠤᠳ ᠬᠤᠰᠢᠭᠤᠨ ᠳ᠋ᠡᠬᠢ ᠰᠤᠷᠪᠤᠯᠵᠢᠯᠠᠭ᠎ᠠ ᠶᠢᠨ ᠡᠬᠢᠯᠡᠯᠲᠡ ᠶᠢᠨ ᠶᠤᠰᠤᠯᠠᠯ ᠴᠤ ᠶᠠᠪᠤᠭᠲᠠᠪᠠ᠃ ᠢᠷᠡᠬᠦ ᠬᠡᠲᠦᠨ ᠬᠤᠨᠤᠭ ᠲᠤ᠂ ᠰᠢᠨᠬᠤᠧᠠ ᠮᠤᠩᠭᠤᠯ ᠨᠧᠲ᠂ ᠲᠦᠪ ᠤᠨ ᠠᠷᠠᠳ ᠤᠨ ᠷᠠᠳᠢᠣ᠋ ᠨᠡᠪᠲᠡᠷᠡᠬᠦᠯᠭᠡ ᠶᠢᠨ ᠬᠤᠷᠢᠶ᠎ᠠ᠂ ᠲᠤᠮᠲᠠᠲᠤ ᠤᠯᠤᠰ ᠤᠨ ᠤᠯᠠᠨ ᠤᠯᠤᠰ ᠤᠨ ᠷᠠᠳᠢᠣ᠋ ᠨᠡᠪᠲᠡᠷᠡᠬᠦᠯᠭᠡ ᠶᠢᠨ ᠬᠤᠷᠢᠶ᠎ᠠ᠂ ᠲᠦᠪ ᠲᠧᠯᠧᠶ᠋ᠰ ᠤᠨ ᠰᠦᠯᠵᠢᠶ᠎ᠠ᠂ 《ᠲᠤᠮᠲᠠᠲᠤ ᠶᠢᠨ ᠦᠨᠳᠦᠰᠦᠲᠡᠨ》 ᠰᠡᠳᠬᠦᠯ᠂ 《ᠦᠨᠳᠦᠰᠦᠲᠡᠨ ᠤ ᠵᠢᠷᠤᠭᠲᠤ ᠰᠡᠳᠬᠦᠯ》ᠵᠡᠷᠭᠡ ᠬᠡᠪᠯᠡᠯ ᠮᠡᠲᠡᠭᠡᠯᠡᠯ ᠤᠨ ᠬᠢᠨ ᠢ ᠪᠠᠭᠲᠠᠭᠠᠭᠰᠠᠨ ᠰᠡᠳᠬᠦᠯᠴᠢᠳ ᠵᠠᠷᠤᠳ ᠬᠤᠰᠢᠭᠤᠨ ᠤ ᠬᠦᠲᠡᠭᠡ ᠨᠤᠲᠤᠭ᠂ ᠰᠤᠷᠭᠠᠭᠤᠯᠢ ᠪᠡᠷ ᠬᠦᠷᠴᠤ ᠰᠤᠶᠤᠯ ᠤᠷᠠᠯᠢᠭ᠂ ᠰᠤᠷᠭᠠᠨ ᠬᠦᠮᠦᠵᠢᠯ᠂ ᠢᠷᠭᠡᠳ ᠤᠨ ᠠᠮᠵᠢᠷᠠᠭ᠎ᠠ ᠵᠡᠷᠭᠡ ᠰᠠᠯᠪᠤᠷᠢ ᠳ᠋ᠡᠬᠢ ᠬᠦᠭ᠍ᠵᠢᠯᠲᠠ ᠬᠤᠪᠢᠷᠠᠯᠲᠠ ᠶᠢ ᠮᠡᠲᠡᠭᠡᠯᠡᠬᠦ ᠪᠤᠯᠤᠨ᠎ᠠ᠃

    《ᠦᠨᠳᠦᠰᠦᠲᠡᠨ ᠤ ᠵᠢᠷᠤᠭᠲᠤ ᠰᠡᠳᠬᠦᠯ》 ᠪᠤᠯ 1955 ᠤᠨ ᠳ᠋ᠤ ᠬᠡᠪᠯᠡᠯ ᠡᠬᠢᠯᠡᠵᠦ᠂ ᠬᠢᠲᠠᠳ᠂ ᠮᠤᠩᠭᠤᠯ᠂ ᠲᠦᠪᠡᠳ᠂ ᠤᠶᠢᠭᠤᠷ᠂ ᠬᠠᠰᠠᠭ᠂ ᠰᠤᠯᠤᠩᠭᠤᠰ ᠵᠢᠷᠭᠤᠭᠠᠨ ᠦᠨᠳᠦᠰᠦᠲᠡᠨ ᠤ ᠦᠰᠦᠭ ᠢᠶᠡᠷ ᠰᠠᠷ᠎ᠠ ᠪᠦᠷᠢ ᠬᠡᠪᠯᠡᠭᠲᠡᠨ ᠲᠠᠷᠬᠠᠭᠠᠲᠠᠵᠤ ᠪᠦᠬᠦᠢ ᠵᠢᠷᠤᠭ ᠦᠰᠦᠭ ᠢ ᠬᠠᠪᠰᠤᠷᠭᠠᠨ ᠬᠤᠤᠰᠯᠠᠭᠤᠯᠤᠭᠰᠠᠨ ᠬᠤᠭᠤᠴᠠᠭᠠᠲᠤ ᠰᠡᠳᠬᠦᠯ ᠪᠤᠯᠤᠨ᠎ᠠ᠃ ᠲᠤᠰ ᠰᠡᠳᠬᠦᠯ ᠨᠢ ᠨᠠᠮ ᠤᠨ ᠱᠤᠭᠤᠮ᠂ ᠴᠢᠭᠯᠡᠯᠲᠡ ᠪᠠ ᠦᠨᠳᠦᠰᠦᠲᠡᠨ ᠤ ᠲᠤᠬᠠᠢ ᠲᠦᠷᠦ ᠶᠢᠨ ᠪᠤᠲᠤᠯᠭ᠎ᠠ ᠶᠢ ᠤᠬᠠᠭᠤᠯᠤᠨ ᠰᠤᠷᠲᠠᠯᠴᠢᠯᠠᠵᠤ᠂ ᠦᠨᠳᠦᠰᠦᠲᠡᠨ ᠤ ᠰᠤᠶᠤᠯ ᠤᠨ ᠰᠤᠯᠢᠯᠴᠠᠭ᠎ᠠ᠂ ᠦᠨᠳᠦᠰᠦᠲᠡᠨ ᠤ ᠤᠯᠤᠰ ᠲᠦᠷᠦ ᠡᠳ᠋ ᠤᠨ ᠵᠠᠰᠠᠭ ᠰᠤᠶᠤᠯ ᠢᠷᠭᠡᠨᠰᠢᠯ ᠤᠨ ᠦᠵᠡᠭᠲᠡᠯ ᠢ ᠲᠡᠮᠲᠡᠭᠯᠡᠵᠦ᠂ ᠦᠨᠳᠦᠰᠦᠲᠡᠨ ᠨᠤᠬᠦᠳ ᠤᠨ ᠬᠤᠭᠤᠷᠤᠨᠲᠤᠬᠢ ᠪᠦᠯᠬᠦᠮᠲᠡᠯ ᠲᠠᠪᠰᠢᠯᠲᠠ ᠳ᠋ᠤ ᠤᠶᠢᠭ᠎ᠠ ᠦᠭᠡᠢ ᠬᠦᠴᠦᠨ ᠵᠢᠳᠬᠦᠯ ᠦᠵᠡᠬᠦᠯᠦᠭᠰᠡᠭᠡᠷ ᠢᠷᠡᠪᠡ᠃

    ᠠᠵᠢᠯᠯᠠᠭᠠᠨ ᠳ᠋ᠤ ᠦᠪᠦᠷ ᠮᠤᠩᠭᠤᠯ᠂ ᠭᠦᠢᠵᠧᠦ᠂ ᠭᠠᠨᠰᠦ᠂ ᠯᠢᠶᠤᠤᠨᠢᠩ᠂ ᠬᠠᠷᠠᠮᠦ᠋ᠷᠡᠨ᠂ ᠪᠡᠭᠡᠵᠢᠩ ᠵᠡᠷᠭᠡ ᠭᠠᠵᠠᠷ ᠤᠷᠤᠨ ᠤ ᠬᠠᠮᠢᠶᠠᠲᠠᠢ ᠠᠯᠪᠠᠨ ᠪᠠᠶᠢᠭᠤᠯᠤᠯᠭ᠎᠎ᠠ᠂ ᠰᠡᠳᠬᠦᠯᠴᠢᠳ᠂ 《ᠦᠨᠳᠦᠰᠦᠲᠡᠨ ᠤ ᠵᠢᠷᠤᠭᠲᠤ ᠰᠡᠳᠬᠦᠯ》 ᠤᠨ ᠴᠢᠮᠡᠭᠡᠯᠡᠭᠴᠢ᠂ ᠵᠢᠷᠤᠭᠴᠢᠨ 70 ᠭᠠᠷᠤᠢ ᠬᠦᠮᠦᠰ ᠤᠷᠤᠯᠴᠠᠪᠠ᠃

    ᠲᠤᠰ ᠠᠵᠢᠯᠯᠠᠭ᠎ᠠ ᠶᠢ 《ᠦᠨᠳᠦᠰᠦᠲᠡᠨ ᠤ ᠵᠢᠷᠤᠭᠲᠤ ᠰᠡᠳᠬᠦᠯ》 ᠤᠨ ᠬᠤᠷᠢᠶ᠎ᠠ᠂ ᠲᠦᠩᠯᠢᠶᠤᠤ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠵᠦᠪᠯᠡᠯ᠂ ᠵᠠᠷᠤᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠡᠴᠡ ᠰᠠᠨᠠᠭᠠᠴᠢᠯᠠᠵᠤ᠂ ᠵᠠᠷᠤᠳ ᠬᠤᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠬᠡᠷᠡᠭ ᠡᠷᠬᠢᠯᠡᠬᠦ ᠲᠤᠪᠴᠢᠶ᠌᠎ᠠ ᠡᠴᠡ ᠵᠤᠬᠢᠶᠠᠨ ᠪᠠᠶᠢᠭᠤᠯᠪᠠ᠃ 

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121253752