蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠶᠢᠨ ᠵᠠᠬ᠎ᠠ ᠵᠡᠬᠡᠯᠢ ᠳᠤ ᠠᠩᠬ᠎ᠠ ᠬᠦᠯ ᠳᠠᠯᠪᠢᠭᠰᠠᠨ ᠬᠦᠷᠰᠢ ᠬᠦᠷᠦᠨ ᠤ 《ᠳᠤᠷᠭ᠎ᠠ》ᠪᠷᠧᠨ᠋ᠳ᠋

2017-07-03 12:37

  

    ᠰᠢᠨᠬᠤᠧᠠ ᠮᠤᠩᠭᠤᠯ ᠨᠧᠲ  ᠬᠦᠬᠡᠬᠤᠳᠠ ᠶᠢᠨ 7 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠬᠡ (ᠪᠤᠯᠤᠷᠴᠡᠴᠡᠭ)  ᠰᠡᠬᠦᠯ ᠤᠨ ᠵᠢᠯ ᠤᠳ ᠲᠤ᠂ ᠳᠤᠮᠳᠠᠳᠤ ᠮᠤᠩᠭᠤᠯ ᠤᠨ ᠪᠦᠬᠦ ᠳᠠᠯ᠎ᠠ ᠶᠢᠨ ᠨᠦᠬᠦᠷᠰᠡᠭ ᠬᠠᠷᠢᠯᠴᠠᠭ᠎ᠠ ᠦᠷ᠎ᠡ ᠳ᠋ᠦᠩ ᠲᠠᠢ ᠬᠦᠭᠵᠢᠵᠤ᠂ ᠤᠨᠴᠠᠭᠠᠶᠢᠯᠠᠨ 《ᠨᠢᠬᠡ ᠪᠦᠰᠡ ᠨᠢᠬᠡ ᠵᠠᠮ》 ᠰᠠᠨᠠᠭᠴᠢᠯᠠᠭ᠎ᠠ ᠶᠢᠨ ᠳᠠᠭᠠᠤ ᠬᠤᠶᠠᠷ ᠤᠷᠤᠨ ᠤ ᠬᠤᠳᠠᠯᠳᠤᠭ᠎ᠠ ᠡᠳ᠋ ᠤᠨ ᠵᠠᠰᠠᠭ ᠤᠨ ᠬᠠᠷᠢᠯᠴᠠᠭ᠎ᠠ ᠤᠯᠠᠮ ᠨᠡᠬᠡᠬᠡᠯᠳᠡ ᠲᠠᠢ ᠪᠤᠯᠤᠭᠰᠠᠨ ᠪᠢᠯᠡ᠃ ᠡᠨᠡᠬᠦ ᠵᠢᠷᠤᠮ ᠢᠶᠡᠷ ᠳᠤᠮᠳᠠᠳᠤ ᠤᠯᠤᠰ ᠤᠨ ᠴᠢ ᠲᠠᠢ ᠪᠦᠯᠦᠭᠯᠡᠯ ᠨᠢ ᠮᠤᠩᠭᠤᠯ ᠤᠯᠤᠰ ᠤᠨ ᠴᠢᠨᠤ᠎ᠠ ᠪᠦᠯᠦᠭᠯᠡᠯ ᠲᠠᠢ ᠬᠠᠮᠳᠤᠷᠠᠨ ᠠᠵᠢᠯᠯᠠᠬᠤ ᠬᠡᠯᠡᠯᠴᠡᠬᠡᠷ ᠪᠠᠶᠢᠭᠤᠯᠵᠤ᠂ ᠳᠤᠰ ᠪᠦᠯᠦᠭᠯᠡᠯ ᠤᠨ ᠳᠤᠭ ᠤᠨ ᠳᠤᠤᠷᠠᠬᠢ ᠳᠤᠷᠭ᠎ᠠ ᠺᠤᠮᠫᠠᠨᠢ ᠶᠢᠨ《ᠳᠤᠷᠭ᠎ᠠ (TORGO)》ᠪᠷᠧᠨ᠋ᠳ᠋ ᠶᠢ ᠦᠩᠬᠡᠷᠡᠭᠰᠡᠨ ᠵᠢᠯ ᠳᠤᠮᠳᠠᠳᠤ ᠤᠯᠤᠰ ᠤᠨ ᠵᠠᠬ᠎ᠠ ᠵᠡᠬᠡᠯᠢ ᠳᠤ ᠠᠩᠬ᠎ᠠ ᠬᠦᠯ ᠳᠠᠯᠪᠢᠭᠤᠯᠤᠭᠰᠠᠨ ᠰᠠᠨ᠃ ᠡᠶᠢᠨᠬᠦ ᠳᠤᠰ ᠪᠷᠧᠨ᠋ᠳ᠋ ᠤᠨ ᠪᠦᠷᠢᠨ ᠡᠷᠬᠡᠳᠤ ᠬᠤᠳᠠᠯᠳᠤᠭᠠᠨ ᠤ ᠳᠦᠯᠦᠬᠡᠯᠡᠭᠴᠢ ᠪᠤᠯᠤᠭᠰᠠᠨ ᠴᠢ ᠲᠠᠢ ᠪᠦᠯᠦᠭᠯᠡᠯ ᠤᠨ ᠦᠪᠦᠷ ᠮᠤᠩᠭᠤᠯ ᠳᠡᠬᠢ ᠦᠢᠯᠡᠳᠪᠦᠷᠢ ᠳᠤ ᠬᠦᠷᠴᠤ ᠳᠤᠰᠬᠠᠢ ᠰᠤᠷᠪᠤᠯᠵᠢᠯᠠᠭ᠎ᠠ ᠬᠢᠯ᠎ᠡ᠃

    ᠳᠤᠷᠭ᠎ᠠ ᠬᠡᠬᠦ ᠪᠡᠷ ᠮᠠᠨᠠᠶᠢᠬᠢᠨ ᠳᠤ ᠪᠦᠰ ᠪᠠᠷᠠᠭᠠᠨ ᠤ ᠵᠦᠢᠯ ᠬᠤᠯᠪᠤᠨ ᠪᠤᠳᠤᠭᠳᠠᠳᠠᠭ ᠪᠠᠶᠢᠭᠰᠠᠨ ᠪᠤᠯ᠂ ᠤᠳᠤ ᠬᠠᠷᠢᠨ ᠨᠢᠬᠡ ᠳᠦᠷᠦᠯ ᠤᠨ ᠤᠯᠠᠨ ᠤᠯᠤᠰ ᠤᠨ ᠨᠡᠷᠡᠳᠦ ᠪᠷᠧᠨ᠋ᠳ᠋ ᠬᠠᠮᠤᠭ ᠤᠨ ᠳᠦᠷᠦᠬᠦᠦ ᠰᠠᠨᠠᠭᠳᠠᠵᠤ᠂ ᠬᠦᠮᠦᠰ ᠢ ᠡᠷᠬᠡ ᠦᠬᠡᠢ ᠳᠡᠷᠡ ᠤᠷᠤᠭᠤ ᠬᠦᠳᠦᠯᠳᠡᠭ ᠪᠤᠯᠤᠭᠰᠠᠨ ᠪᠢᠯᠡ᠃ ᠡᠨᠡ ᠪᠤᠯ ᠳᠠᠷᠤᠢ ᠦᠪᠦᠷ ᠮᠤᠩᠭᠤᠯ ᠤᠨ ᠳᠦᠪ ᠬᠦᠬᠡᠬᠤᠳᠠ ᠶᠢᠨ ᠭᠤᠤᠯ ᠵᠡᠬᠡᠯᠢ ᠳᠤ ᠪᠠᠶᠢᠷᠢᠯᠠᠭᠰᠠᠨ《ᠳᠤᠷᠭ᠎ᠠ》ᠪᠷᠧᠨ᠋ᠳ᠋ ᠤᠨ ᠳᠡᠯᠬᠡᠬᠦᠷ ᠪᠤᠯᠤᠨ᠎ᠠ᠃ ᠮᠤᠩᠭᠤᠯ ᠤᠯᠤᠰ ᠤᠨ ᠢᠷᠬᠡᠳ ᠤᠨ ᠬᠤᠪᠢ ᠳᠤ ᠳᠤᠰ ᠪᠷᠧᠨ᠋ᠳ᠋ ᠶᠢ ᠮᠡᠳᠡᠬᠦ ᠦᠬᠡᠢ ᠬᠦᠮᠦᠨ ᠬᠡᠵᠤ ᠠᠯᠠᠭ᠎ᠠ᠂ ᠳᠡᠷᠡ ᠨᠢ 1992 ᠤᠨ ᠳᠤ ᠪᠠᠶᠢᠭᠤᠯᠤᠭᠳᠠᠭᠰᠠᠨ ᠮᠤᠩᠭᠤᠯ ᠤᠯᠤᠰ ᠤᠨ ᠠᠭᠤᠯᠠ ᠠᠭᠤᠷᠬᠠᠢ᠂ ᠪᠠᠷᠢᠯᠭ᠎ᠠ ᠶᠢᠨ ᠮᠠᠲ᠋ᠧᠷᠢᠶᠠᠯ᠂ ᠠᠴᠢᠶ᠎ᠠ ᠳᠡᠬᠡᠬᠡᠪᠦᠷᠢ᠂ ᠬᠤᠪᠴᠠᠰᠤ ᠬᠤᠨᠠᠷ᠂ ᠠᠶᠠᠯᠠᠯ ᠵᠢᠭᠤᠯᠴᠢᠯᠠᠯ ᠵᠡᠷᠬᠡ ᠠᠵᠤ ᠦᠢᠯᠡᠰ ᠢ ᠬᠠᠮᠤᠷᠤᠭᠰᠠᠨ ᠳᠤᠮᠤᠬᠠᠨ ᠠᠵᠤ ᠠᠬᠤᠶᠢᠯᠠᠯ ᠪᠤᠯᠬᠤ ᠴᠢᠨᠤ᠎ᠠ ᠪᠦᠯᠦᠭᠯᠡᠯ ᠤᠨ ᠬᠤᠪᠢᠶᠠᠷᠢ ᠺᠤᠮᠫᠠᠨᠢ - ᠳᠤᠷᠭ᠎ᠠ ᠺᠤᠮᠫᠠᠨᠢ ᠡᠴᠡ ᠦᠢᠯᠡᠳᠪᠦᠷᠢᠯᠡᠵᠤ ᠪᠠᠶᠢᠭ᠎ᠠ ᠤᠯᠠᠨ ᠤᠯᠤᠰ ᠤᠨ ᠨᠡᠷᠡᠳᠦ ᠪᠷᠧᠨ᠋ᠳ᠋ ᠪᠤᠯᠤᠨ᠎ᠠ᠃ 《ᠳᠤᠷᠭ᠎ᠠ》ᠪᠷᠧᠨ᠋ᠳ᠋ 17 ᠵᠢᠯ ᠤᠨ ᠳᠤᠷᠰᠢ ᠤᠯᠠᠮᠵᠢᠯᠠᠯᠳᠤ ᠭᠠᠷ ᠤᠷᠠᠯᠠᠯ ᠤᠨ ᠠᠷᠭ᠎ᠠ ᠶᠢ ᠪᠠᠷᠢᠮᠳᠠᠯᠠᠵᠤ ᠰᠢᠨ᠎ᠠ ᠦᠶ᠎ᠠ ᠶᠢᠨ ᠵᠠᠭᠪᠤᠷ ᠪᠤᠶᠤ ᠡᠳᠦᠷ ᠳᠤᠳᠤᠮ ᠤᠨ ᠠᠮᠢᠳᠤᠷᠠᠯ ᠤᠨ ᠵᠠᠭᠪᠤᠷ᠂ ᠬᠡᠶᠢᠰᠪᠦᠷᠢ ᠤᠷᠠᠯᠢᠭ ᠤᠨ ᠵᠠᠭᠪᠤᠷ᠂ ᠡᠷᠲᠡᠨ ᠤ ᠬᠠᠭᠠᠨ ᠤᠷᠳᠤᠨ ᠤ ᠵᠠᠭᠪᠤᠷ ᠢ ᠤᠷᠠᠯᠠᠨ ᠪᠦᠳᠦᠬᠡᠵᠤ᠂ ᠤᠯᠠᠮᠵᠢᠯᠠᠯ ᠰᠢᠨᠡᠴᠢᠯᠡᠯ ᠢ ᠤᠶᠠᠯᠳᠤᠭᠤᠯᠤᠭᠰᠠᠨ ᠤᠨᠴᠠᠯᠢᠭ ᠢᠶᠡᠷ ᠢᠶᠡᠨ ᠳᠡᠯᠡᠬᠡᠢ ᠳᠤ ᠦᠪᠡᠷ ᠤᠨ ᠬᠡᠬᠦ ᠤᠷᠤᠨ ᠪᠠᠶᠢᠷᠢ ᠪᠠᠨ ᠤᠯᠵᠦ ᠴᠢᠳᠠᠭᠰᠠᠨ ᠤᠯᠠᠨ ᠤᠯᠤᠰ ᠤᠨ ᠨᠡᠷᠡᠳᠦ ᠪᠷᠧᠨ᠋ᠳ᠋ ᠪᠤᠯᠵᠠᠢ᠃

    2016 ᠤᠨ ᠤ 7 ᠰᠠᠷ᠎ᠠ ᠳᠤ᠂ ᠳᠤᠮᠳᠠᠳᠤ ᠤᠯᠤᠰ ᠤᠨ ᠴᠢ ᠲᠠᠢ ᠪᠦᠯᠦᠭᠯᠡᠯ ᠨᠢ ᠦᠪᠦᠷ ᠮᠤᠩᠭᠤᠯ ᠤᠨ ᠵᠠᠰᠠᠭ ᠤᠨ ᠤᠷᠳᠤᠨ ᠤ ᠰᠠᠨᠠᠭᠠᠴᠢᠯᠠᠭ᠎ᠠ ᠪᠡᠷ《ᠳᠤᠷᠭ᠎ᠠ》ᠪᠷᠧᠨ᠋ᠳ᠋ ᠶᠢ ᠳᠤᠮᠳᠠᠳᠤ ᠤᠯᠤᠰ ᠤᠨ ᠵᠠᠬ᠎ᠠ ᠵᠡᠬᠡᠯᠢ ᠳᠤ ᠤᠷᠢᠨ ᠤᠷᠤᠭᠤᠯᠬᠤ ᠬᠠᠮᠳᠤ ᠶᠢᠨ ᠠᠵᠢᠯᠯᠠᠭᠠᠨ ᠤ ᠬᠡᠯᠡᠯᠴᠡᠬᠡᠷ ᠲᠤ ᠭᠠᠷ ᠤᠨ ᠦᠰᠦᠭ ᠵᠢᠷᠤᠵᠤ᠂ ᠮᠦᠨ ᠵᠢᠯ ᠤᠨ 10 ᠰᠠᠷ᠎ᠠ ᠳᠤ ᠠᠩᠬᠠᠨ ᠤ ᠳᠡᠯᠬᠡᠬᠦᠷ ᠢᠶᠡᠨ ᠬᠦᠬᠡᠬᠤᠳᠠ ᠳᠤ ᠨᠡᠬᠡᠬᠡᠵᠠᠢ᠃ 《ᠳᠤᠷᠭ᠎ᠠ ᠨᠢ ᠨᠡᠬᠦᠳᠡᠯ ᠦᠨᠳᠦᠰᠦᠳᠡᠨ ᠤ ᠰᠤᠶᠤᠯ ᠤᠨ ᠳᠡᠤᠬᠡᠨ ᠢᠮ ᠢ ᠵᠠᠭᠪᠤᠷ ᠪᠦᠷᠢ ᠳᠤ ᠪᠡᠨ ᠠᠭᠤᠰᠬᠠᠭᠰᠠᠨ ᠤᠯᠠᠨ ᠤᠯᠤᠰ ᠤᠨ ᠨᠡᠷᠡᠳᠦ ᠪᠷᠧᠨ᠋ᠳ᠋ ᠪᠤᠯᠤᠭᠰᠠᠨ ᠤ ᠬᠤᠪᠢ ᠳᠤ ᠮᠤᠩᠭᠤᠯ ᠤᠯᠤᠰ ᠲᠤ ᠶᠡᠬᠡ ᠮᠤᠤᠳ᠋ ᠪᠤᠯᠵᠤ ᠪᠠᠶᠢᠳᠠᠭ᠃ ᠳᠡᠷᠡ ᠨᠢ ᠳᠤᠰ ᠬᠦᠷᠦᠨ ᠤ ᠤᠯᠤᠰ ᠳᠦᠷᠦ᠂ ᠤᠷᠠᠯᠢᠭ᠂ ᠪᠢᠽᠨᠧᠰ ᠤᠨ ᠰᠠᠯᠪᠤᠷᠢ ᠳ᠋ᠡᠬᠢ ᠨᠡᠷᠡᠳᠦ ᠬᠦᠮᠦᠰ ᠤᠨ ᠬᠠᠶᠢᠷ᠎ᠠ ᠪᠠᠬᠠᠷᠬᠠᠯ ᠢ ᠬᠦᠨ ᠬᠦᠷᠳᠡᠵᠤ᠂ ᠬᠤᠪᠢ ᠶᠢᠨ ᠵᠠᠬᠢᠶᠠᠯᠠᠭ᠎ᠠ ᠪᠡᠷ ᠨᠢ ᠴᠡᠪᠡᠷ ᠭᠠᠷ ᠤᠷᠠᠯᠠᠯ ᠤᠨ ᠠᠷᠭ᠎ᠠ ᠪᠡᠷ ᠬᠢᠭᠳᠡᠳᠡᠭ᠃ ᠪᠢᠳᠡᠨᠡᠷ ᠬᠡᠯᠡᠯᠴᠡᠬᠡᠷ ᠤᠨ ᠳᠠᠭᠠᠤ ᠮᠦᠨ ᠬᠤᠪᠢ ᠶᠢᠨ ᠵᠠᠬᠢᠶᠠᠯᠠᠭ᠎ᠠ ᠠᠪᠴᠤ ᠬᠢᠵᠤ ᠪᠠᠶᠢᠭ᠎ᠠ ᠪᠤᠯᠬᠤᠷ ᠦᠨ᠎ᠡ ᠬᠠᠩᠰᠢ ᠶᠢᠨ ᠬᠤᠪᠢ ᠳᠤ ᠬᠠᠷᠢᠴᠠᠩᠭᠤᠢ ᠦᠨᠳᠦᠷ᠂ ᠬᠡᠷᠡᠭᠯᠡᠭᠴᠢᠳ ᠤᠨ ᠬᠤᠪᠢ ᠳᠤ ᠳᠤᠮᠳᠠ᠂ ᠦᠨᠳᠦᠷ ᠳᠦᠪᠰᠢᠨ ᠤ ᠬᠡᠷᠡᠭᠯᠡᠭᠴᠢ ᠤᠯᠠᠩᠬᠢ ᠪᠠᠶᠢᠷᠢ ᠶᠢ ᠡᠵᠡᠯᠡᠵᠤ ᠪᠠᠶᠢᠨ᠎ᠠ》 ᠬᠡᠵᠤ ᠺᠤᠮᠫᠠᠨᠢ ᠶᠢᠨ ᠳᠡᠳ᠋ ᠵᠠᠬᠢᠷᠤᠯ ᠶᠦᠨ ᠬᠠᠢ ᠶᠢᠩ ᠰᠤᠷᠪᠤᠯᠵᠢᠯᠠᠭ᠎ᠠ ᠬᠦᠯᠢᠶᠡᠵᠤ ᠶᠠᠷᠢᠯ᠎ᠠ᠃

    ᠳᠡᠯᠬᠡᠬᠦᠷ ᠲᠤ《ᠳᠤᠷᠭ᠎ᠠ》ᠪᠷᠧᠨ᠋ᠳ᠋ ᠤᠨ ᠬᠤᠪᠴᠠᠰᠤ ᠵᠠᠰᠠᠯ ᠡᠴᠡ ᠭᠠᠳᠠᠨ᠎ᠠ ᠪᠠᠰᠠ ᠮᠤᠩᠭᠤᠯ ᠤᠯᠤᠰ ᠤᠨ ᠨᠡᠷᠡᠳᠦ ᠳᠤᠭᠯᠠᠭᠴᠢ ᠪᠠᠶᠢᠭᠠᠯᠢ ᠶᠢᠨ ᠵᠠᠭᠪᠤᠷᠯᠠᠭᠰᠠᠨ《ᠪᠠᠶᠢᠭᠠᠯᠢ》ᠪᠷᠧᠨ᠋ᠳ᠋ ᠪᠤᠯᠤᠨ ᠮᠤᠩᠭᠤᠯ ᠤᠯᠤᠰ ᠤᠨ《ᠠᠪᠢᠶᠠᠰᠤᠯᠢᠭ ᠮᠤᠩᠭᠤᠯ》 ᠤᠨ ᠳᠠᠶᠢᠰᠠᠨ᠎ᠠ ᠠᠮᠢᠯᠠᠭᠰᠠᠨ 《Siilen ᠭᠤᠤ᠎ᠠ》ᠪᠷᠧᠨ᠋ᠳ᠋ ᠢ ᠬᠠᠮᠳᠤ ᠳᠤ ᠨᠢ ᠡᠯᠬᠦᠨ ᠪᠤᠷᠤᠯᠠᠭᠤᠯᠵᠤ ᠮᠦᠨ ᠵᠠᠬᠢᠶᠠᠯᠠᠭ᠎ᠠ ᠠᠪᠴᠤ ᠪᠠᠶᠢᠯ᠎ᠠ᠃ ᠬᠤᠪᠢ ᠶᠢᠨ ᠵᠠᠬᠢᠶᠠᠯᠠᠭ᠎ᠠ ᠦᠭᠴᠤ ᠪᠠᠶᠢᠭ᠎ᠠ ᠬᠦᠮᠦᠰ ᠲᠤ ᠤᠷᠤᠨ ᠨᠤᠳᠤᠭ ᠤᠨ ᠡᠯ᠎ᠡ ᠦᠨᠳᠦᠰᠦᠳᠡᠨ ᠤ ᠢᠷᠬᠡᠳ ᠪᠤᠯᠤᠨ ᠦᠪᠦᠷ ᠮᠤᠩᠭᠤᠯ ᠳᠤ ᠠᠶᠠᠯᠠᠨ ᠵᠢᠭᠤᠯᠴᠢᠯᠠᠭᠰᠠᠳ ᠪᠠᠶᠢᠬᠤ ᠡᠴᠡ ᠭᠠᠳᠠᠨ᠎ᠠ ᠪᠠᠰᠠ ᠪᠡᠬᠡᠵᠢᠩ᠂ ᠱᠠᠩᠬᠠᠢ ᠵᠡᠷᠬᠡ ᠭᠠᠵᠠᠷ ᠡᠴᠡ ᠳᠤᠰᠬᠠᠶᠢᠯᠠᠨ ᠢᠷᠡᠵᠤ ᠪᠠᠶᠢᠭ᠎ᠠ ᠬᠦᠮᠦᠰ ᠴᠤ ᠤᠯᠠᠮ ᠢᠶᠡᠷ ᠤᠯᠠᠰᠢᠷᠠᠵᠤ ᠪᠤᠢ᠃ ᠡᠶᠢᠮᠤ ᠪᠠᠶᠢᠳᠠᠯ ᠳᠤ ᠬᠠᠨᠳᠤᠭᠤᠯᠤᠨ ᠬᠤᠳᠠᠯᠳᠤᠭᠠᠨ ᠤ ᠳᠦᠯᠦᠬᠡᠯᠡᠭᠴᠢ ᠶᠢᠨ ᠳᠠᠯ᠎ᠠ ᠡᠴᠡ ᠤᠯᠤᠰ ᠤᠨ ᠳᠤᠳᠤᠭᠠᠳᠤ ᠳᠡᠬᠢ ᠪᠤᠰᠤᠳ ᠮᠤᠵᠢ ᠬᠤᠳᠠ ᠳᠤ ᠳᠤᠰ ᠪᠷᠧᠨ᠋ᠳ᠋ ᠤᠨ ᠳᠡᠯᠬᠡᠬᠦᠷ ᠢ ᠦᠷᠬᠦᠯᠵᠢᠯᠡᠨ ᠨᠡᠬᠡᠬᠡᠬᠦ ᠪᠡᠷ ᠳᠦᠯᠦᠪᠯᠡᠵᠤ ᠪᠠᠶᠢᠭ᠎ᠠ ᠠᠵᠢ᠃

    1993 ᠤᠨ ᠳᠤ ᠡᠷᠦᠬᠡ ᠪᠡᠨ ᠰᠡᠬᠦᠭᠰᠡᠨ ᠳᠤᠮᠳᠠᠳᠤ ᠤᠯᠤᠰ ᠤᠨ ᠴᠢ ᠲᠠᠢ ᠪᠦᠯᠦᠭᠯᠡᠯ ᠨᠢ ᠬᠤᠪᠴᠠᠰᠤ ᠵᠠᠭᠪᠤᠷᠯᠠᠬᠤ᠂ ᠦᠢᠯᠡᠳᠪᠦᠷᠢᠯᠡᠬᠦ᠂ ᠪᠤᠷᠤᠯᠠᠭᠤᠯᠬᠤ ᠵᠢᠴᠢ ᠪᠤᠬᠢᠷᠳᠤᠯ ᠦᠬᠡᠢ ᠳᠠᠭᠠᠯᠳᠠ ᠦᠢᠯᠡᠴᠢᠯᠡᠬᠡ ᠬᠠᠩᠭᠠᠳᠠᠭ ᠳᠤᠮᠤᠬᠠᠨ ᠠᠵᠤ ᠠᠬᠤᠶᠢᠯᠠᠯ ᠪᠤᠯᠬᠤ ᠶᠤᠮ᠃ 20 ᠭᠠᠷᠤᠢ ᠳᠦᠮᠡᠨ ᠺᠦᠧᠠᠳ᠋ ᠮᠧᠲ᠋ᠷ ᠳᠠᠯᠠᠪᠠᠢ ᠪᠦᠬᠦᠢ ᠠᠵᠤ ᠦᠢᠯᠡᠰ ᠤᠨ ᠬᠦᠷᠢᠶᠡᠯᠡᠩ ᠲᠠᠢ᠂ ᠤᠯᠠᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ 12 ᠪᠦᠷᠢᠨ ᠳᠦᠬᠦᠷ ᠦᠢᠯᠡᠳᠪᠦᠷᠢᠯᠡᠯ ᠤᠨ ᠱᠤᠭᠤᠮ ᠲᠠᠢ᠂ 1000 ᠭᠠᠷᠤᠢ ᠠᠵᠢᠯᠳᠠᠨ ᠲᠠᠢ᠃ ᠳᠤᠰ ᠪᠦᠯᠦᠭᠯᠡᠯ ᠤᠨ ᠨᠡᠷᠡᠳᠦ ᠪᠷᠧᠨ᠋ᠳ᠋ ᠪᠤᠯᠬᠤ《ᠰᠢ ᠶᠤᠧᠠᠨ (SEER)》 ᠨᠢ ᠳᠤᠮᠳᠠᠳᠤ ᠮᠤᠩᠭᠤᠯ ᠬᠤᠶᠠᠷ ᠤᠷᠤᠨ ᠤ ᠡᠨᠡᠬᠦ ᠬᠤᠶᠠᠷ ᠳᠤᠮᠤ ᠪᠦᠯᠦᠭᠯᠡᠯ ᠤᠨ ᠬᠠᠮᠳᠤ ᠶᠢᠨ ᠠᠵᠢᠯᠯᠠᠭᠠᠨ ᠤ ᠬᠡᠯᠡᠯᠴᠡᠬᠡᠷ ᠤᠨ ᠳᠠᠭᠠᠤ 2016 ᠤᠨ ᠤ 12 ᠰᠠᠷ᠎ᠠ ᠳᠤ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠳᠤ ᠳᠡᠯᠬᠡᠬᠦᠷ ᠨᠡᠬᠡᠬᠡᠬᠦ ᠠᠵᠢᠯ ᠢᠶᠡᠨ ᠡᠬᠢᠯᠡᠬᠦᠯᠦᠭᠰᠡᠨ ᠢᠶᠡᠷ ᠳᠤᠰ ᠪᠷᠧᠨ᠋ᠳ᠋ ᠤᠨ ᠮᠤᠩᠭᠤᠯ ᠤᠯᠤᠰ ᠤᠨ ᠵᠠᠬ᠎ᠠ ᠵᠡᠬᠡᠯᠢ ᠳ᠋ᠡᠬᠢ ᠠᠩᠬᠠᠨ ᠤ ᠭᠠᠷᠤᠭ᠎ᠠ ᠴᠤ ᠡᠬᠢᠯᠡᠭᠰᠡᠨ ᠪᠠᠶᠢᠨ᠎ᠠ᠃

    《ᠦᠪᠦᠷ ᠮᠤᠩᠭᠤᠯ ᠤᠨ ᠵᠠᠰᠠᠭ ᠤᠨ ᠭᠠᠵᠠᠷ ᠤᠨ ᠳᠡᠮᠵᠢᠯᠬᠡ ᠲᠠᠢ ᠪᠡᠷ ᠶᠠᠪᠤᠭᠳᠠᠵᠤ ᠪᠤᠢ ᠳᠤᠮᠳᠠᠳᠤ ᠮᠤᠩᠭᠤᠯ ᠬᠤᠶᠠᠷ ᠤᠷᠤᠨ ᠤ ᠢᠷᠬᠡᠳ ᠡᠴᠡ ᠡᠷᠬᠢᠯᠡᠭᠰᠡᠨ ᠠᠵᠤ ᠠᠬᠤᠶᠢᠯᠠᠯ ᠤᠨ ᠬᠤᠭᠤᠷᠤᠨᠳᠡᠬᠢ ᠡᠨᠡᠬᠦ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠮᠠᠨᠢ ᠬᠤᠶᠠᠷ ᠤᠷᠤᠨ ᠤ ᠡᠳ᠋ ᠤᠨ ᠵᠠᠰᠠᠭ ᠬᠤᠳᠠᠯᠳᠤᠭᠠᠨ ᠤ ᠬᠠᠷᠢᠯᠴᠠᠭᠠᠨ ᠤ ᠬᠦᠭᠵᠢᠯᠳᠡ ᠳᠤ ᠬᠤᠪᠢ ᠨᠡᠮᠡᠷᠢ ᠪᠤᠯᠬᠤ ᠪᠤᠯᠤᠭᠠᠰᠠᠢ ᠬᠡᠵᠤ ᠬᠦᠰᠡᠵᠤ ᠪᠤᠢ᠂ ᠪᠢᠳᠡ ᠬᠤᠶᠢᠰᠢᠳᠠ ᠴᠢᠨᠤ᠎ᠠ ᠪᠦᠯᠦᠭᠯᠡᠯ ᠲᠠᠢ ᠬᠠᠮᠳᠤ ᠶᠢᠨ ᠠᠵᠢᠯᠯᠠᠭ᠎ᠠ ᠪᠡᠨ ᠤᠯᠠᠮ ᠨᠢᠬᠡ ᠠᠯᠬᠤᠮ ᠬᠦᠨᠵᠡᠬᠡᠶᠢᠷᠡᠬᠦᠯᠵᠤ᠂ ᠪᠤᠰᠤᠳ ᠰᠠᠯᠪᠤᠷᠢ ᠶᠢ ᠴᠤ ᠬᠠᠮᠤᠷᠤᠨ ᠪᠦᠬᠦ ᠳᠠᠯ᠎ᠠ ᠶᠢᠨ ᠬᠠᠮᠳᠤ ᠶᠢᠨ ᠠᠵᠢᠯᠯᠠᠭ᠎ᠠ ᠪᠠᠶᠢᠭᠤᠯᠬᠤ ᠪᠡᠷ ᠳᠦᠯᠦᠪᠯᠡᠵᠤ ᠪᠠᠶᠢᠨ᠎ᠠ》ᠬᠡᠵᠤ ᠶᠦᠨ ᠬᠠᠢ ᠶᠢᠩ ᠰᠤᠷᠪᠤᠯᠵᠢᠯᠠᠭ᠎ᠠ ᠶᠢᠨ ᠡᠴᠤᠰ ᠲᠤ ᠶᠠᠷᠢᠯ᠎ᠠ᠃(ᠵᠢᠷᠤᠭ ᠢ ᠴᠢ ᠲᠠᠢ ᠪᠦᠯᠦᠭᠡᠯᠡᠯ ᠡᠴᠡ ᠬᠠᠩᠭ᠋ᠠᠪᠠ)

ᠳᠤᠮᠳᠠᠳᠤ ᠤᠯᠤᠰ ᠤᠨ ᠴᠢ ᠲᠠᠢ ᠪᠦᠯᠦᠭᠯᠡᠯ ᠮᠣᠩᠭᠣᠯ ᠤᠯᠤᠰ ᠤᠨ ᠲᠤᠷᠭ᠎ᠠ ᠺᠤᠮᠫᠠᠨᠢ ᠲᠠᠢ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠪᠠᠶᠢᠭᠤᠯᠵᠤ ᠪᠠᠶᠢᠭ᠎ᠠ ᠨᠢ

ᠲᠤᠷᠭ᠎ᠠ ᠪᠷᠸᠨ᠋ᠳ᠋ ᠤᠨ ᠬᠤᠪᠴᠠᠰᠤ

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121254337