蒙古文网站Logo
ᠰᠢᠨᠬᠤᠸᠠ ᠮᠤᠩᠭ᠋ᠤᠯ ᠨᠧᠲ

ᠲᠦᠷᠦ ᠶᠢᠨ ᠶᠠᠪᠤᠳᠠᠯ ᠤᠨ ᠬᠤᠷᠢᠶ᠎ᠠ ᠡᠴᠡ ᠦᠪᠦᠷ ᠮᠣᠩᠭᠣᠯ ᠤᠨ ᠪᠤᠭᠤᠲᠤ ᠬᠤᠲᠠ ᠶᠢᠨ ᠶᠡᠷᠦᠩᠬᠡᠢ ᠲᠦᠯᠦᠪᠵᠢᠬᠦᠯᠭᠡ ᠶᠢ ᠠᠯᠪᠠᠨ ᠶᠤᠰᠤᠭᠠᠷ ᠴᠤᠬᠤᠯᠠᠪᠤᠷᠢᠯᠠᠪᠠ

2017-07-03 13:16

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ 29 ᠤᠷᠤᠢ ᠶᠢᠨ ᠮᠡᠳᠡᠭᠡ ᠶᠢ ᠦᠨᠳᠦᠰᠦᠯᠡᠪᠡᠯ᠂ ᠲᠦᠷᠦ ᠶᠢᠨ ᠶᠠᠪᠤᠳᠠᠯ ᠤᠨ ᠬᠤᠷᠢᠶᠶ᠎ᠠ ᠡᠴᠡ ᠦᠪᠦᠷ ᠮᠣᠩᠭᠣᠯ ᠤᠨ ᠪᠤᠭᠤᠲᠤ ᠬᠤᠲᠠ ᠶᠢᠨ ᠶᠡᠷᠦᠩᠬᠡᠢ ᠲᠦᠯᠦᠪᠵᠢᠬᠦᠯᠭᠡ ᠶᠢ ᠠᠯᠪᠠᠨ ᠶᠤᠰᠤᠭᠠᠷ ᠴᠤᠬᠤᠯᠠᠪᠤᠷᠢᠯᠠᠪᠠ᠃ 《ᠪᠤᠭᠤᠲᠤ ᠬᠤᠲᠠ ᠶᠢᠨ ᠶᠡᠷᠦᠩᠬᠡᠢ ᠲᠦᠯᠦᠪᠵᠢᠬᠦᠯᠭᠡ ( 2001-2020 ᠤᠨ)》( ᠳᠠᠷᠠᠭᠠᠴᠢ ᠪᠡᠷ ᠶᠡᠷᠦᠩᠬᠡᠢ ᠲᠦᠯᠦᠪᠵᠢᠬᠦᠯᠭᠡ ᠭᠡᠵᠤ ᠳᠦᠭᠦᠮᠴᠢᠯᠠᠨ᠎ᠠ) ᠶ᠋ᠢ ᠵᠦᠪᠰᠢᠶᠡᠷᠡᠪᠠ᠃

    ᠴᠤᠬᠤᠯᠠᠪᠤᠷᠢ ᠳᠤ᠂ ᠦᠪᠦᠷ ᠮᠣᠩᠭᠣᠯ ᠤᠨ ᠪᠤᠭᠤᠲᠤ ᠬᠤᠲᠠ ᠶᠢᠨ 《 ᠶᠡᠷᠦᠩᠬᠡᠢ ᠲᠦᠯᠦᠪᠵᠢᠬᠦᠯᠭᠡ》 ᠳ᠋ᠤ 1901 ᠺᠦᠸᠠᠳ᠋ ᠺᠢᠯᠦᠮᠸᠲ᠋ᠷ ᠤᠨ ᠳᠤᠲᠤᠷ᠎ᠠ ᠬᠤᠲᠠ ᠶᠢᠨ ᠲᠦᠯᠦᠪᠵᠢᠬᠦᠯᠭᠡ ᠶᠢᠨ ᠬᠦᠷᠢᠶ᠎ᠠ ᠴᠠᠷ᠎ᠠ ᠶᠢ ᠪᠠᠭᠲᠠᠭᠠᠵᠤ᠂ ᠬᠤᠲᠠ ᠲᠤᠰᠬᠤᠨ ᠳᠤ ᠨᠢᠭᠡᠳᠦᠯᠲᠠᠢ ᠲᠦᠯᠦᠪᠵᠢᠬᠦᠯᠭᠡ ᠬᠠᠮᠢᠶᠠᠷᠤᠯᠲᠠ ᠶᠠᠪᠤᠭᠳᠠᠭᠤᠯᠤᠨ᠎ᠠ᠃ ᠬᠤᠲᠠ ᠶᠢᠨ ᠳᠤᠲᠤᠷᠠᠬᠢ ᠠᠳᠠᠯᠢ ᠪᠤᠰᠤ ᠪᠦᠰᠡ ᠨᠤᠲᠤᠭ ᠤᠨ ᠨᠦᠬᠦᠴᠡᠯ ᠢ ᠦᠨᠳᠦᠰᠦᠯᠡᠨ᠂ ᠬᠤᠲᠠ ᠰᠢᠶᠠᠨ ᠪᠤᠯᠤᠨ ᠦᠨᠳᠦᠰᠦᠨ ᠨᠦᠬᠦᠴᠡᠯ ᠰᠠᠶᠢᠨ᠂ ᠬᠦᠭ᠍ᠵᠢᠬᠦ ᠤᠷᠤᠨ ᠵᠠᠢ ᠶᠡᠬᠡ ᠭᠤᠤᠯᠳᠠᠯᠭ᠎ᠠ ᠲᠠᠢ ᠪᠠᠯᠭᠠᠰᠤ ᠪᠤᠯᠤᠨ ᠭᠤᠤᠯ ᠲᠤᠰᠬᠤᠨ ᠢ ᠭᠤᠤᠯᠳᠠᠯᠭ᠎ᠠ ᠲᠠᠢ ᠬᠦᠭ᠍ᠵᠢᠭᠦᠯᠦᠨ᠎ᠠ᠃ ᠲᠤᠰᠬᠤᠨ ᠪᠠᠯᠭᠠᠰᠤᠨ ᠤ ᠪᠦᠲᠦᠴᠡ ᠪᠠᠶᠢᠳᠠᠯ ᠢ ᠰᠢᠯᠢᠳᠡᠭ᠍ᠵᠢᠭᠦᠯᠵᠤ᠂ ᠬᠦᠳᠡᠭᠡ ᠲᠤᠰᠬᠤᠨ ᠤ ᠤᠨᠴᠠᠯᠢᠭ ᠢᠶᠡᠨ ᠬᠠᠳᠠᠭᠠᠯᠠᠭᠰᠠᠨ ᠰᠠᠭᠤᠷᠢᠨ ᠳᠡᠭᠡᠷ᠎ᠠ ᠲᠤᠰᠬᠤᠨ ᠤ ᠢᠷᠭᠡᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠤᠨ᠎ᠠ᠃ ᠬᠤᠲᠠ ᠪᠠᠯᠭᠠᠰᠤᠨ ᠤ ᠲᠡᠳ᠋ ᠪᠦᠳᠦᠴᠡ ᠶᠢ ᠠᠬᠢᠭᠤᠯᠵᠤ᠂ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠬᠦᠳᠡᠭᠡ ᠲᠤᠰᠬᠤᠨ ᠳᠤ ᠤᠷᠤᠭᠤᠯᠵᠤ᠂ ᠬᠤᠲᠠ ᠲᠤᠰᠬᠤᠨ ᠤ ᠦᠨᠳᠦᠰᠦᠨ ᠨᠡᠶᠢᠲᠡ ᠶᠢᠨ ᠦᠢᠯᠡᠴᠢᠯᠡᠭᠡ ᠠᠳᠠᠯᠢ ᠲᠦᠪᠰᠢᠨ ᠳᠤ ᠬᠦᠷᠬᠦ  ᠶᠢ ᠲᠦᠯᠬᠢᠨ ᠠᠬᠢᠭᠤᠯᠤᠨ᠎ᠠ᠃

    ᠴᠤᠬᠤᠯᠠᠪᠤᠷᠢ ᠳᠤ ᠪᠤᠭᠤᠲᠤ ᠬᠤᠲᠠ ᠶᠢ《 ᠬᠤᠲᠠ ᠶᠢᠨ ᠬᠦᠷᠢᠶ᠎ᠠ ᠴᠡᠷ᠎ᠠ ᠶᠢ ᠵᠤᠬᠢᠰᠲᠠᠢ ᠬᠢᠵᠠᠭᠠᠷᠯᠠᠬᠤ》 ᠶ᠋ᠢ ᠱᠠᠭᠠᠷᠳᠠᠪᠠ᠃ 2020 ᠤᠨ ᠪᠤᠯᠲᠠᠯ᠎ᠠ᠂ ᠬᠤᠲᠠ ᠶᠢᠨ ᠪᠠᠢᠢᠡᠭᠭᠤ ᠰᠠᠭᠤᠭᠠᠯᠢ ᠠᠷᠠᠳ ᠢ 260 ᠲᠦᠮᠡᠨ ᠬᠦᠮᠦᠨ ᠤ ᠲᠤᠳᠤᠷ᠎ᠠ ᠬᠢᠵᠠᠭᠠᠷᠯᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠰᠡᠬᠦ ᠲᠡᠯᠡᠪᠡᠢ ᠶᠢ 302 ᠭᠦᠸᠠᠳ᠋ ᠺᠢᠯᠦᠮᠸᠲ᠋ᠷ ᠲᠤ ᠬᠢᠵᠠᠭᠠᠷᠯᠠᠨ᠎ᠠ᠃ ᠤᠷᠢᠳᠠᠵᠤ ᠲᠦᠰᠦᠪᠯᠡᠨ ᠳᠠᠷᠠᠭ᠎ᠠ ᠨᠢ ᠪᠦᠲᠦᠭᠡᠨ ᠪᠠᠶᠢᠭᠤᠯᠬᠤ ᠬᠤᠲᠠ ᠪᠠᠯᠭᠠᠰᠤᠨ ᠤ ᠲᠦᠯᠦᠪᠵᠢᠬᠦᠯᠭᠡ ᠶᠢᠨ ᠬᠠᠤᠯᠢ ᠶᠢᠨ ᠵᠠᠷᠴᠢᠮ ᠢ ᠪᠠᠷᠢᠮᠲᠠᠯᠠᠵᠤ 《 ᠶᠡᠷᠦᠩᠬᠡᠢ ᠲᠦᠯᠦᠪᠵᠢᠬᠦᠯᠭᠡ》 ᠳ᠋ᠤ ᠲᠤᠭᠲᠠᠭᠰᠠᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠠ ᠴᠠᠷ᠎ᠠ ᠡᠴᠡ ᠭᠠᠳᠠᠨ᠎ᠠ ᠡᠯ᠎ᠠ ᠲᠦᠷᠦᠯ ᠤᠨ ᠨᠡᠭᠡᠭᠡᠯᠲᠡ ᠶᠢᠨ ᠪᠦᠰᠡ ᠪᠤᠯᠤᠨ ᠰᠢᠨ᠎ᠠ ᠲᠤᠭᠤᠷᠢᠭ ᠪᠠᠶᠢᠭᠤᠯᠬᠤ ᠶᠢ ᠴᠠᠭᠠᠵᠠᠯᠠᠨ᠎ᠠ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121254401