蒙古文网站Logo
ᠰᠢᠨᠬᠤᠸᠠ ᠮᠤᠩᠭ᠋ᠤᠯ ᠨᠧᠲ

ᠤᠶᠢᠷ᠎ᠠ ᠰᠠᠭᠠᠬᠠᠯᠳᠠ ᠪᠤᠯᠵᠤ ᠡᠶ᠎ᠡ ᠡᠪᠳᠡᠢ ᠠᠮᠢᠳᠤᠷᠠᠵᠠᠭᠠᠨ᠎ᠠ - ᠡᠯ᠎ᠡ ᠭᠠᠵᠠᠷ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯ ᠤᠨ ᠳᠤᠷᠰᠢᠯᠭ᠎ᠠ ᠡᠴᠡ

2017-07-04 17:29

    ᠰᠢᠨᠬᠤᠧᠠ ᠬᠤᠷᠢᠶ᠎ᠠ   ᠬᠦᠬᠡᠬᠤᠳᠠ ᠶᠢᠨ 7 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠷᠦᠩ ᠴᠢ ᠬᠠᠨ᠂ ᠸᠠᠩ ᠵᠢᠩ) 56 ᠦᠨᠳᠦᠰᠦᠳᠡᠨ ᠤ ᠠᠬᠠᠨ ᠳᠡᠬᠦᠤᠰ ᠪᠤᠯ ᠤᠯᠠᠨ ᠦᠨᠳᠦᠰᠦᠳᠡᠨ ᠲᠠᠢ ᠤᠯᠤᠰ ᠬᠡᠷ ᠤᠨ ᠬᠦᠭᠵᠢᠯᠳᠡ ᠶᠢᠨ ᠰᠠᠭᠤᠷᠢ ᠪᠤᠯᠬᠤ ᠶᠤᠮ᠃ 《ᠠᠨᠠᠷ ᠤᠨ ᠰᠠᠮᠤᠷ ᠰᠢᠬ ᠨᠢᠬᠳᠠᠷᠠᠨ ᠪᠠᠭᠰᠠᠶᠢᠭᠰᠠᠨ》ᠬᠡᠬᠦ ᠦᠬᠡ ᠪᠡᠷ ᠦᠨᠳᠦᠰᠦᠳᠡᠨ ᠤ ᠪᠦᠯᠬᠦᠮᠳᠡᠯ ᠢ ᠵᠦᠢᠷᠯᠡᠵᠤ ᠪᠤᠯᠤᠨ᠎ᠠ᠃

    ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠶᠠᠪᠤᠴᠠ ᠳᠤ᠂ ᠡᠯ᠎ᠡ ᠦᠨᠳᠦᠰᠦᠳᠡᠨ ᠤ ᠢᠷᠬᠡᠳ ᠬᠠᠮᠳᠤᠷᠠᠨ ᠰᠠᠭᠤᠷᠢᠰᠢᠭᠰᠠᠨ᠂ ᠬᠠᠮᠳᠤᠪᠠᠷ ᠰᠤᠷᠤᠯᠴᠠᠭᠰᠠᠨ᠂ ᠬᠠᠮᠳᠤᠷᠠᠨ ᠠᠵᠢᠯᠯᠠᠭᠰᠠᠨ᠂ ᠪᠠᠶᠠᠷ ᠵᠢᠷᠭᠠᠯ ᠢᠶᠡᠨ ᠬᠠᠮᠳᠤᠪᠠᠷ ᠬᠤᠪᠢᠶᠠᠯᠴᠠᠭᠰᠠᠨ ᠨᠡᠶᠢᠬᠡᠮ ᠤᠨ ᠨᠦᠬᠦᠴᠡᠯ ᠶᠠᠭᠠᠬᠢᠵᠤ ᠪᠦᠷᠢᠯᠳᠦᠭᠰᠡᠨ ᠪᠤᠢ? ᠡᠯ᠎ᠡ ᠦᠨᠳᠦᠰᠦᠳᠡᠨ ᠤ ᠢᠷᠬᠡᠳ ᠢ ᠬᠡᠷᠬᠢᠨ ᠤᠯᠠᠮ ᠰᠠᠶᠢᠨ ᠬᠠᠷᠢᠯᠴᠠᠭᠤᠯᠵᠤ᠂ ᠤᠯᠠᠮ ᠰᠠᠶᠢᠨ ᠪᠤᠳᠤᠯ ᠰᠠᠨᠠᠯ ᠢ ᠨᠢ ᠰᠤᠯᠢᠯᠴᠠᠭᠤᠯᠵᠤ᠂ ᠤᠯᠠᠮ ᠰᠠᠶᠢᠨ ᠢᠳᠡᠬᠡᠰᠢᠬᠦᠯᠬᠦ ᠪᠤᠢ? ᠤᠶᠢᠷ᠎ᠠ ᠶᠢᠨ ᠡᠳᠦᠷ᠂ ᠤᠯᠤᠰ ᠲᠠᠶᠠᠭᠠᠷ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯ ᠤᠨ ᠳᠤᠷᠰᠢᠯᠭ᠎ᠠ ᠰᠤᠯᠢᠯᠴᠠᠬᠤ ᠬᠤᠷᠠᠯ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠢᠩᠭᠠᠨ ᠠᠶᠢᠮᠠᠭ ᠤᠨ ᠤᠯᠠᠭᠠᠨᠬᠤᠳᠠ ᠳᠤ ᠵᠤᠬᠢᠶᠠᠨ ᠪᠠᠶᠢᠭᠤᠯᠤᠭᠳᠠᠪᠠ᠃ ᠡᠨᠡᠬᠦ ᠳᠠᠰᠢᠷᠠᠮ ᠢᠶᠡᠷ ᠰᠤᠷᠪᠤᠯᠵᠢᠯᠠᠭᠴᠢ ᠳᠦᠯᠦᠬᠡᠯᠡᠭᠴᠢ ᠬᠡᠰᠢᠬᠦᠳ ᠢ ᠰᠤᠷᠪᠤᠯᠵᠢᠯᠠᠵᠤ᠂ ᠳᠡᠳᠡᠨᠡᠷ ᠤᠨ ᠠᠵᠢᠯ ᠤᠨ ᠳᠤᠷᠰᠢᠯᠭ᠎ᠠ ᠶᠢ ᠬᠤᠪᠢᠶᠠᠯᠴᠠᠯ᠎ᠠ᠃

    《ᠰᠢᠬᠢᠳᠬᠡᠬᠦ ᠵᠠᠬᠪᠤᠷ》 ᠤᠨ ᠠᠮᠢᠳᠤᠷᠠᠯ ᠰᠢᠨ᠎ᠠ ᠠᠭᠤᠷ ᠠᠮᠢᠰᠬᠤᠯ ᠢ ᠪᠤᠢ ᠪᠤᠯᠭᠠᠪᠠ

    ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠨᠡᠶᠢᠬᠡᠮ ᠳᠡᠬᠦᠷᠬᠡ ᠶᠢᠨ ᠦᠢᠯᠡᠴᠢᠯᠡᠬᠡᠨ ᠤ ᠳᠦᠪ ᠲᠡᠬᠢ ᠠᠵᠢᠯ ᠬᠦᠢᠴᠡᠳᠬᠡᠬᠦ ᠳᠠᠩᠬᠢᠮ ᠳᠤ ᠮᠤᠩᠭᠤᠯ ᠮᠠᠯᠴᠢᠨ ᠲᠠᠢ ᠯᠢᠩ ᠱᠠᠨ ᠦᠬᠢᠨ ᠳᠤ ᠪᠡᠨ ᠬᠡᠤᠬᠡᠳ ᠠᠪᠬᠤ ᠭᠡᠷᠡᠴᠢ ᠬᠢᠯᠬᠡᠵᠤ ᠪᠠᠶᠢᠯ᠎ᠠ᠃ ᠬᠤᠤᠰ ᠬᠡᠯᠡᠨ ᠤ ᠦᠢᠯᠡᠴᠢᠯᠡᠬᠡᠨ ᠤ ᠭᠠᠵᠠᠷ ᠲᠤ ᠳᠡᠬᠦᠨ ᠤ ᠶᠠᠪᠤᠳᠠᠯ ᠤᠳᠠᠭᠰᠠᠨ ᠴᠤ ᠦᠬᠡᠢ ᠰᠢᠶ᠋ᠳᠪᠦᠷᠢᠯᠡᠭᠳᠡᠵᠡᠢ᠃ ᠨᠡᠶᠢᠬᠡᠮ ᠳᠡᠬᠦᠷᠬᠡ ᠶᠢᠨ ᠪᠠᠶᠢᠭᠤᠯᠤᠭᠰᠠᠨ ᠡᠨᠡᠬᠦ ᠬᠤᠤᠰ ᠬᠡᠯᠡᠨ ᠤ ᠦᠢᠯᠡᠴᠢᠯᠡᠬᠡᠨ ᠤ ᠳᠠᠶᠢᠰᠠ ᠨᠢ ᠴᠦᠬᠡᠨ ᠳᠤᠭᠠᠳᠤ ᠦᠨᠳᠦᠰᠦᠳᠡᠨ ᠤ ᠴᠦᠬᠡᠨ ᠪᠤᠰᠤ ᠢᠷᠬᠡᠳ ᠤᠨ ᠬᠠᠷᠢᠯᠴᠠᠭᠠᠨ ᠤ ᠰᠠᠭᠠᠳ ᠢ ᠠᠷᠢᠯᠭᠠᠭᠰᠠᠨ ᠤ ᠬᠠᠮᠳᠤ᠂ ᠡᠯ᠎ᠡ ᠳᠦᠷᠦᠯ ᠤᠨ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠳᠠᠳᠠᠨ ᠠᠪᠴᠢᠷᠠᠵᠤ᠂ ᠰᠠᠭᠤᠭᠠᠯᠢ ᠢᠷᠬᠡᠳ ᠤᠨ ᠤᠯᠠᠨ ᠡᠰᠢᠴᠢᠯᠡᠭᠰᠡᠨ ᠦᠢᠯᠡᠴᠢᠯᠡᠬᠡᠨ ᠤ ᠭᠡᠷᠡᠭᠴᠡᠭᠡ ᠶᠢ ᠬᠠᠩᠭᠠᠬᠤ ᠪᠤᠯᠵᠠᠢ᠃

    2008 ᠤᠨ ᠤ 10 ᠰᠠᠷ᠎ᠠ ᠳᠤ ᠪᠠᠶᠢᠭᠤᠯᠤᠭᠰᠠᠨ ᠰᠢᠩ ᠺᠧ ᠨᠡᠶᠢᠬᠡᠮ ᠳᠡᠬᠦᠷᠬᠡ ᠨᠢ 11 ᠬᠤᠷᠢᠶᠠᠯᠠᠯ ᠲᠠᠢ᠂ ᠡᠨᠳᠡ ᠤᠷᠤᠰᠢᠨ ᠠᠮᠢᠳᠤᠷᠠᠵᠤ ᠪᠤᠢ 10580 ᠢᠷᠬᠡᠨ ᠤ 52% ᠨᠢ ᠴᠦᠬᠡᠨ ᠳᠤᠭᠠᠳᠤ ᠦᠨᠳᠦᠰᠦᠳᠡᠨ ᠂ 31.2% ᠨᠢ ᠬᠤᠳᠠ ᠤᠷᠤᠭᠰᠠᠨ ᠮᠠᠯᠴᠢᠨ ᠪᠠᠶᠢᠳᠠᠭ᠃

    ᠳᠠᠭᠤᠤ ᠪᠦᠵᠢᠭ᠌ ᠲᠤ ᠠᠪᠢᠶᠠᠰ ᠲᠠᠢ ᠴᠦᠬᠡᠨ ᠳᠤᠭᠠᠳᠤ ᠦᠨᠳᠦᠰᠦᠳᠡᠨ ᠤ ᠢᠷᠬᠡᠳ ᠳᠠᠯ᠎ᠠ ᠨᠤᠳᠤᠭ ᠳᠡᠬᠡᠷᠡᠬᠢ ᠰᠡᠯᠡᠬᠦᠨ ᠳᠠᠪᠠᠳᠠᠢ ᠠᠮᠢᠳᠤᠷᠠᠯ ᠳᠤ ᠪᠡᠨ ᠳᠠᠰᠤᠭᠰᠠᠨ ᠪᠤᠯᠬᠤᠷ᠂ ᠬᠤᠳᠠ ᠭᠠᠵᠠᠷ ᠬᠤᠭᠤᠷ ᠬᠦᠭᠵᠢᠮ ᠢᠶᠡᠨ ᠬᠦᠭᠯᠡᠬᠦᠯᠴᠢᠬᠡᠬᠦ ᠭᠠᠵᠠᠷ ᠤᠯᠳᠠᠬᠤ ᠦᠬᠡᠢ ᠪᠠᠶᠢᠬ᠎ᠠ ᠬᠡᠮᠡᠨ ᠰᠠᠨᠠᠭᠠᠰᠢᠷᠠᠵᠤ ᠪᠠᠶᠢᠭᠰᠠᠨ ᠨᠢ ᠤᠯᠠᠨ᠃ ᠬᠠᠷᠢᠨ ᠨᠡᠶᠢᠬᠡᠮ ᠳᠡᠬᠦᠷᠬᠡ ᠶᠢᠨ ᠦᠢᠯᠡᠴᠢᠯᠡᠬᠡᠨ ᠤ ᠳᠦᠪ ᠲᠤ ᠳᠡᠳᠡᠨᠡᠷ ᠠᠳᠠᠯᠢᠬᠠᠨ ᠪᠠᠶᠠᠷ ᠬᠦᠷ ᠢ ᠤᠯᠵᠤ ᠡᠳ᠋ᠯᠡᠨ᠎ᠠ ᠬᠡᠵᠤ ᠰᠠᠨᠠᠭᠰᠠᠨ ᠦᠬᠡᠢ᠃ ᠠᠭᠤᠵᠢᠮᠬᠠᠨ ᠦᠷᠦᠬᠡᠨ ᠳᠤ ᠬᠤᠭᠤᠷ ᠤᠨ ᠠᠶᠠᠰ ᠤᠶᠠᠩᠭᠠᠷᠠᠵᠤ᠂ ᠦᠨᠳᠦᠰᠦᠳᠡᠨ ᠤ ᠬᠤᠪᠴᠠᠰᠤ ᠵᠠᠰᠠᠯ ᠢᠶᠡᠷ ᠭᠤᠶᠤᠯᠠᠭᠰᠠᠨ ᠬᠦᠮᠦᠰ ᠠᠨᠳᠠᠢ ᠪᠦᠵᠢᠭ ᠪᠤᠯᠪᠠᠰᠤᠷᠠᠨ᠎ᠠ᠃ ᠡᠨᠳᠡᠬᠢ ᠨᠢ ᠶᠠᠭ ᠰᠠᠶᠢᠬᠠᠨ ᠳᠤᠰ ᠨᠡᠶᠢᠬᠡᠮ ᠳᠡᠬᠦᠷᠬᠡ ᠶᠢᠨ ᠦᠨᠳᠦᠰᠦᠳᠡᠨ ᠤ ᠰᠤᠶᠤᠯ ᠤᠨ ᠳᠤᠮᠤ ᠳᠠᠶᠢᠰᠠ ᠪᠠᠶᠢᠯ᠎ᠠ᠂ ᠡᠨᠳᠡ ᠡᠷᠬᠢᠯᠡᠵᠤ ᠪᠠᠶᠢᠭ᠎ᠠ ᠠᠨᠳᠠᠢ᠂ ᠳᠦᠷᠪᠡᠨ ᠤᠳᠠᠰᠤᠳᠤ ᠬᠤᠭᠤᠷ᠂ ᠮᠤᠷᠢᠨ ᠬᠤᠭᠤᠷ᠂ ᠮᠤᠩᠭᠤᠯ ᠬᠢᠳᠠᠳ ᠤᠷᠠᠨ ᠪᠢᠴᠢᠯᠬᠡ ᠶᠢᠨ ᠪᠤᠯᠪᠠᠰᠤᠷᠠᠯ ᠤᠨ ᠠᠩᠬᠢ ᠨᠢ ᠰᠠᠭᠤᠭᠠᠯᠢ ᠢᠷᠬᠡᠳ ᠤᠨ ᠡᠳᠦᠷ ᠳᠤᠳᠤᠮ ᠤᠨ ᠠᠮᠢᠳᠤᠷᠠᠯ ᠳᠤ ᠤᠳᠬ᠎ᠠ ᠠᠭᠤᠯᠭ᠎ᠠ ᠨᠡᠮᠡᠷᠢᠯᠡᠵᠡᠢ᠃

    ᠤᠯᠠᠭᠠᠨᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ᠂ ᠳᠡᠬᠡᠳᠦ ᠬᠤᠶᠠᠷ ᠤᠨ ᠨᠢᠬᠡᠳᠦᠬᠡᠷ ᠠᠩᠬᠢ ᠶᠢᠨ ᠰᠤᠷᠤᠭᠴᠢ ᠰᠢᠨ ᠶᠤᠧᠠᠨ ᠶᠤᠧᠠᠨ ᠬᠠᠮᠳᠤ ᠰᠤᠷᠤᠭᠴᠢ ᠲᠠᠢ ᠪᠡᠨ ᠮᠤᠩᠭᠤᠯ ᠬᠡᠯᠡᠨ ᠤ ᠳᠠᠪᠳᠠᠬᠤ ᠰᠡᠳᠦᠪ ᠬᠢᠵᠤ ᠶᠠᠭᠠᠷᠠᠨ᠎ᠠ᠃ ᠴᠡᠴᠡᠷᠯᠢᠭ ᠡᠴᠡ ᠳᠡᠬᠡᠳᠦ ᠳᠤᠮᠳᠠᠳᠤ ᠬᠦᠷᠳᠡᠯ᠎ᠡ ᠰᠢᠨ ᠶᠤᠧᠠᠨ ᠶᠤᠧᠠᠨ ᠮᠤᠩᠭᠤᠯ ᠰᠤᠷᠭᠠᠭᠤᠯᠢ ᠳᠤ ᠮᠤᠩᠭᠤᠯ ᠬᠢᠳᠠᠳ ᠬᠤᠶᠠᠷ ᠬᠡᠯᠡᠨ ᠤ ᠰᠤᠷᠭᠠᠯᠳᠠ ᠬᠦᠷᠳᠡᠭᠰᠡᠬᠡᠷ ᠢᠷᠡᠵᠡᠢ᠃ ᠳᠡᠷᠡᠪᠡᠷ ᠰᠤᠷᠪᠤᠯᠵᠢᠯᠠᠭᠴᠢ ᠳᠤ᠂ ᠤᠯᠠᠭᠠᠨᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠨᠢ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠪᠠᠶᠢᠭᠰᠠᠨ ᠴᠤ ᠴᠦᠬᠡᠨ ᠪᠤᠰᠤ ᠬᠢᠳᠠᠳ ᠦᠨᠳᠦᠰᠦᠳᠡᠨ ᠤ ᠰᠤᠷᠤᠭᠴᠢ ᠡᠨᠳᠡ ᠢᠷᠡᠵᠤ ᠰᠤᠷᠳᠠᠭ᠂ ᠳᠡᠳᠡᠨᠡᠷ ᠪᠦᠷ ᠴᠡᠪᠡᠷ ᠮᠤᠩᠭᠤᠯ ᠢᠶᠡᠷ ᠶᠠᠷᠢᠵᠤ ᠴᠢᠳᠠᠨ᠎ᠠ᠂ ᠦᠪᠡᠷ ᠢᠶᠡᠨ ᠦᠨᠳᠦᠰᠦᠳᠡᠨ ᠢᠶᠡᠨ ᠳᠤᠳᠤᠷᠬᠠᠶᠢᠯᠠᠬᠤ ᠦᠬᠡᠢ ᠪᠤᠯ ᠬᠡᠨ ᠨᠢ ᠠᠯᠢ ᠦᠨᠳᠦᠰᠦᠳᠡᠨ ᠤ ᠰᠤᠷᠤᠭᠴᠢ ᠬᠡᠰᠡᠨ ᠢ ᠦᠵᠡᠵᠤ ᠭᠠᠷᠬᠤ ᠦᠬᠡᠢ ᠬᠡᠵᠡᠢ᠃

    《ᠰᠢᠬᠢᠳᠬᠡᠬᠦ ᠵᠠᠬᠪᠤᠷ》 ᠤᠨ ᠨᠡᠶᠢᠬᠡᠮ ᠤᠨ ᠪᠦᠳᠦᠴᠡ ᠪᠤᠯᠤᠨ ᠬᠤᠷᠢᠶᠠᠯᠠᠯ ᠤᠨ ᠤᠷᠴᠢᠨ ᠨᠢ ᠬᠠᠮᠳᠤᠷᠠᠨ ᠰᠠᠭᠤᠷᠢᠰᠢᠭᠰᠠᠨ᠂ ᠬᠠᠮᠳᠤᠪᠠᠷ ᠰᠤᠷᠤᠯᠴᠠᠭᠰᠠᠨ᠂ ᠬᠠᠮᠳᠤᠷᠠᠨ ᠠᠵᠢᠯᠯᠠᠭᠰᠠᠨ᠂ ᠪᠠᠶᠠᠷ ᠵᠢᠷᠭᠠᠯ ᠢᠶᠡᠨ ᠬᠠᠮᠳᠤᠪᠠᠷ ᠬᠤᠪᠢᠶᠠᠯᠴᠠᠭᠰᠠᠨ ᠡᠶ᠎ᠡ ᠵᠤᠬᠢᠴᠠᠯ ᠤᠨ ᠵᠢᠷᠤᠭ ᠢ ᠬᠦᠮᠦᠰ ᠤᠨ ᠬᠠᠷᠠᠭᠠᠨ ᠳᠤ ᠳᠤᠳᠤᠷᠠᠭᠤᠯᠬᠤ ᠪᠤᠯᠵᠠᠢ᠃

    《ᠬᠦᠭᠵᠢᠯᠳᠡ ᠶᠢᠨ ᠱᠤᠭᠤᠮ》 ᠢ ᠨᠡᠪᠳᠡᠷᠡᠬᠦᠯᠵᠤ ᠠᠮᠢᠵᠢᠷᠭ᠎ᠠ ᠰᠤᠶᠤᠯ ᠢ ᠵᠡᠷᠬᠡ ᠪᠡᠷ ᠬᠠᠷᠠᠭᠤᠯᠤᠨ᠎ᠠ

    ᠳᠤᠮᠳᠠᠳᠤ ᠶᠢᠨ ᠨᠤᠳᠤᠭ ᠳᠡᠪᠢᠰᠬᠡᠷ ᠳᠡᠬᠡᠷ᠎ᠡ ᠳᠦᠷᠪᠡᠨ ᠵᠦᠭ ᠨᠠᠶ᠋ᠮᠠᠨ ᠵᠤᠪᠬᠢᠰ ᠢ ᠬᠤᠯᠪᠤᠭᠰᠠᠨ ᠳᠡᠮᠦᠷ ᠵᠠᠮ ᠨᠢ ᠤᠳᠤ ᠨᠢᠬᠡᠨᠳᠡ ᠵᠠᠮ ᠬᠠᠷᠢᠯᠴᠠᠭ᠎ᠠ ᠯᠠ ᠳᠡᠳᠦᠢ ᠪᠢᠰᠢ᠂ ᠨᠡᠩ ᠴᠤ ᠡᠯ᠎ᠡ ᠪᠦᠰᠡ ᠨᠤᠳᠤᠭ ᠢ ᠬᠤᠯᠪᠤᠭᠰᠠᠨ《 ᠬᠦᠭᠵᠢᠯᠳᠡ ᠶᠢᠨ ᠱᠤᠭᠤᠮ》 ᠪᠤᠯᠤᠭᠰᠠᠨ ᠶᠤᠮ᠃

    ᠬᠦᠢᠵᠧᠤ ᠳᠤ᠂ ᠦᠨᠳᠦᠰᠦᠳᠡᠨ ᠤ ᠤᠷᠤᠨ ᠨᠢ ᠬᠠᠮᠤᠭ ᠤᠨ ᠳᠦᠷᠦᠬᠦᠨ ᠳᠤ ᠬᠤᠷᠳᠤᠨ ᠤ ᠳᠡᠮᠦᠷ ᠵᠠᠮ ᠲᠠᠢ ᠪᠤᠯᠵᠤ᠂ ᠬᠠᠮᠤᠭ ᠤᠨ ᠳᠦᠷᠦᠬᠦᠨ ᠳᠤ ᠰᠢᠭᠤᠳ ᠨᠢᠰᠦᠯᠬᠡ ᠶᠢᠨ ᠤᠩᠭᠤᠴᠠᠨ ᠤ ᠪᠠᠭᠤᠳᠠᠯ ᠲᠠᠢ ᠪᠤᠯᠤᠭᠰᠠᠨ᠂ ᠠᠰᠢᠭᠯᠠᠯᠳᠠ ᠳᠤ ᠤᠷᠤᠭᠰᠠᠨ ᠬᠤᠷᠳᠤᠨ ᠤ ᠵᠠᠰᠠᠮᠠᠯ ᠵᠠᠮ ᠴᠤ ᠬᠠᠮᠤᠭ ᠤᠨ ᠶᠡᠬᠡ ᠨᠤᠷᠮ᠎ᠠ ᠡᠵᠡᠯᠡᠭᠰᠡᠨ ᠪᠠᠶᠢᠳᠠᠭ᠃

    ᠤᠯᠤᠰ ᠲᠠᠶᠠᠭᠠᠷ ᠤᠨ ᠬᠡᠮᠵᠢᠶᠡᠨ ᠳᠤ᠂ 2016 ᠤᠨ ᠬᠡᠬᠦ ᠳᠤ ᠳᠤᠮᠳᠠᠳᠤ ᠤᠯᠤᠰ ᠤᠨ ᠳᠡᠮᠦᠷ ᠵᠠᠮ ᠤᠨ ᠶᠡᠷᠦᠩᠬᠡᠢ ᠳᠤᠪᠴᠢᠶ᠎ᠠ ᠡᠴᠡ ᠦᠨᠳᠦᠰᠦᠳᠡᠨ ᠤ ᠤᠷᠤᠨ ᠳᠤ ᠪᠠᠶᠢᠭᠤᠯᠤᠭᠰᠠᠨ ᠳᠡᠮᠦᠷ ᠵᠠᠮ ᠤᠨ ᠳᠡᠳ᠋ ᠪᠦᠳᠦᠴᠡ ᠶᠢᠨ ᠬᠦᠷᠦᠩᠬᠡ ᠤᠷᠤᠭᠤᠯᠤᠯᠳᠠ 1288.8 ᠳ᠋ᠦᠩᠰᠢᠭᠤᠷ ᠳᠦᠬᠦᠷᠢᠭ ᠲᠤ ᠬᠦᠷᠴᠤ᠂ ᠳᠡᠮᠦᠷ ᠵᠠᠮ ᠤᠨ ᠳᠤᠮᠤ ᠳᠤᠮᠳᠠ ᠬᠡᠯᠪᠡᠷᠢ ᠶᠢᠨ ᠳᠦᠰᠦᠯ ᠤᠨ ᠪᠠᠶᠢᠭᠤᠯᠤᠯᠳᠠ ᠳ᠋ᠡᠬᠢ ᠬᠦᠷᠦᠩᠬᠡ ᠤᠷᠤᠭᠤᠯᠤᠯᠳᠠ ᠶᠢᠨ 21% ᠶᠢ ᠡᠵᠡᠯᠡᠪᠡ᠃ ᠤᠳᠤ ᠪᠡᠷ᠂ 8 ᠦᠨᠳᠦᠰᠦᠳᠡᠨ ᠤ ᠮᠤᠵᠢ ᠳᠤ ᠪᠠᠶᠢᠭᠤᠯᠵᠤ ᠠᠰᠢᠭᠯᠠᠯᠳᠠ ᠳᠤ ᠤᠷᠤᠭᠤᠯᠤᠭᠰᠠᠨ ᠳᠡᠮᠦᠷ ᠵᠠᠮ ᠤᠨ ᠨᠡᠶᠢᠳᠡ ᠤᠷᠳᠤ 3.47 ᠳᠦᠮᠡᠨ ᠺᠢᠯᠤᠮᠧᠲ᠋ᠷ ᠬᠦᠷᠴᠤ᠂ ᠤᠯᠤᠰ ᠲᠠᠶᠠᠭᠠᠷ ᠤᠨ ᠨᠡᠶᠢᠳᠡ ᠬᠡᠮᠵᠢᠶᠡᠨ ᠤ 28% ᠶᠢ ᠡᠵᠡᠯᠡᠭᠰᠡᠨ ᠪᠠᠶᠢᠨ᠎ᠠ᠃ ᠯᠠᠨᠵᠧᠤ - ᠰᠢᠨᠵᠢᠶᠠᠩ᠂ ᠨᠠᠨᠨᠢᠩ - ᠭᠤᠧᠠᠩᠵᠧᠤ᠂ ᠬᠦᠢᠶᠠᠩ - ᠭᠤᠧᠠᠩᠵᠧᠤ᠂ ᠱᠠᠩᠬᠠᠢ - ᠺᠦᠨᠮᠢᠩ ᠴᠢᠭᠯᠡᠯ ᠤᠨ ᠬᠤᠷᠳᠤᠨ ᠤ ᠳᠡᠮᠦᠷ ᠵᠠᠮ ᠤᠨ ᠪᠠᠶᠢᠭᠤᠯᠤᠯᠳᠠ ᠨᠢ ᠰᠢᠨᠵᠢᠶᠠᠩ᠂ ᠭᠤᠧᠠᠩᠰᠢ᠂ ᠬᠦᠬᠡᠨᠠᠭᠤᠷ᠂ ᠬᠦᠢᠵᠧᠤ᠂ ᠶᠦᠨᠨᠠᠨ ᠵᠡᠷᠬᠡ ᠦᠨᠳᠦᠰᠦᠳᠡᠨ ᠤ ᠤᠷᠤᠨ ᠳᠤ ᠬᠤᠷᠳᠤᠨ ᠤ ᠳᠡᠮᠦᠷ ᠵᠠᠮ ᠪᠠᠶᠢᠭᠰᠠᠨ ᠦᠬᠡᠢ ᠳᠡᠤᠬᠡ ᠶᠢ ᠡᠴᠤᠰᠯᠡᠬᠦᠯᠵᠡᠢ᠃

    ᠠᠶᠠᠯᠠᠯ ᠤᠨ ᠱᠤᠭᠤᠮ ᠳᠤ ᠲᠤᠬᠢᠷᠠᠭᠤᠯᠤᠯᠲᠠ ᠬᠢᠬᠦ᠂ ᠭᠠᠯᠲᠤ ᠲᠡᠷᠭᠡ ᠨᠡᠮᠡᠵᠤ ᠠᠶᠠᠯᠠᠭᠤᠯᠬᠤ ᠵᠡᠷᠭᠡ ᠠᠷᠭ᠎᠎ᠠ ᠪᠡᠷ ᠳᠡᠬᠡᠬᠡᠪᠦᠷᠢ ᠶᠢᠨ ᠪᠤᠯᠤᠮᠵᠢ ᠶᠢ ᠪᠦᠬᠦ ᠬᠦᠴᠦᠨ ᠢᠶᠡᠷ ᠠᠭᠤᠳᠠᠯᠯᠠᠵᠤ᠂ ᠦᠨᠳᠦᠰᠦᠲᠡᠨ ᠤ ᠤᠷᠤᠨ ᠤ ᠢᠷᠭᠡᠳ ᠤᠨ ᠵᠤᠷᠴᠢᠬᠤ ᠭᠡᠷᠡᠭᠴᠡᠭᠡ ᠶᠢ ᠳᠠᠰᠤᠷᠠᠯᠲᠠ ᠦᠭᠡᠢ ᠬᠠᠩᠭ᠋᠋ᠠᠵᠤ ᠪᠠᠶᠢᠨ᠎ᠠ; ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠬᠦᠭᠵᠢᠯᠳᠡ ᠶᠢ ᠠᠬᠢᠭᠤᠯᠬᠤ ᠪᠤᠯᠤᠨ ᠢᠷᠬᠡᠳ ᠤᠨ ᠠᠮᠢᠵᠢᠷᠠᠭ᠎ᠠ ᠶᠢ ᠰᠠᠶᠢᠵᠢᠷᠠᠭᠤᠯᠬᠤ ᠲᠠᠢ ᠨᠢᠬᠡᠳᠬᠡᠵᠤ᠂ ᠴᠢᠨᠡᠬᠡᠯᠢᠭ ᠨᠡᠶᠢᠬᠡᠮ ᠤᠨ ᠪᠠᠶᠢᠭᠤᠯᠤᠯᠳᠠ ᠶᠢ ᠳᠦᠷᠬᠡᠳᠬᠡᠨ᠂ ᠨᠡᠶᠢᠳᠡ ᠶᠢᠨ ᠦᠢᠯᠡᠴᠢᠯᠡᠬᠡᠨ ᠤ ᠴᠢᠨᠠᠷ ᠲᠠᠢ ᠠᠳᠠᠯᠢ ᠪᠡᠷ ᠴᠢᠬᠤᠯᠠᠴᠢᠯᠠᠵᠤ ᠡᠯ᠎ᠡ ᠦᠨᠳᠦᠰᠦᠳᠡᠨ ᠤ ᠢᠷᠬᠡᠳ ᠲᠤ ᠪᠤᠳᠠᠳᠠᠢ ᠠᠰᠢᠭ ᠳᠤᠰᠠ ᠬᠦᠷᠳᠡᠬᠡᠵᠤ ᠪᠤᠢ᠃

    ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯ ᠳᠤ ᠠᠮᠢᠵᠢᠷᠠᠭ᠎ᠠ᠂ ᠰᠤᠶᠤᠯ ᠢ ᠴᠦᠮ ᠬᠠᠷᠠᠭᠤᠯᠬᠤ ᠬᠡᠷᠡᠭᠳᠡᠢ᠃ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠢᠨᠠᠨ ᠰᠢᠯᠭᠠᠯᠳᠠ ᠶᠢᠨ ᠵᠤᠷᠭᠠᠨ ᠤ ᠠᠵᠢᠯᠯᠠᠭ᠎ᠠ ᠶᠢ ᠵᠢᠯᠤᠭᠤᠳᠬᠤ ᠭᠠᠵᠠᠷ ᠤᠨ ᠳᠡᠳ᠋ ᠳᠠᠷᠤᠭ᠎ᠠ ᠰᠦᠨ ᠱᠦ ᠡᠢ᠂ 《ᠠᠮᠢᠵᠢᠷᠭ᠎ᠠ ᠶᠢ ᠬᠠᠷᠠᠭᠤᠯᠬᠤ》ᠬᠡᠳᠡᠭ ᠨᠢ ᠪᠠᠶᠢᠭᠤᠯᠤᠯᠳᠠ ᠪᠡᠷ ᠳᠠᠮᠵᠢᠭᠤᠯᠤᠨ ᠴᠦᠬᠡᠨ ᠲᠤᠭᠠᠲᠤ ᠦᠨᠳᠦᠰᠦᠲᠡᠨ ᠪᠤᠯᠤᠨ ᠦᠨᠳᠦᠰᠦᠲᠡᠨ ᠤ ᠤᠷᠤᠨ ᠤ ᠶᠠᠳᠠᠭᠤ ᠡᠴᠡ ᠠᠩᠭᠢᠵᠢᠷᠠᠵᠤ ᠪᠠᠶᠠᠵᠢᠯ ᠤᠨ ᠵᠠᠮ ᠢᠶᠡᠷ ᠵᠠᠮᠨᠠᠬᠤ ᠶᠢ ᠳᠦᠷᠬᠡᠳᠬᠡᠨ᠂ ᠢᠷᠭᠡᠳ ᠤᠨ ᠠᠮᠢᠵᠢᠷᠠᠭᠠᠨ ᠳᠤ ᠪᠠᠲᠤᠯᠠᠭ᠎᠎ᠠ ᠬᠠᠩᠭᠠᠬᠤ ᠶᠢ ᠨᠠᠶᠢᠳᠠᠪᠤᠷᠢᠵᠢᠭᠤᠯᠤᠭᠰᠠᠨ ᠪᠠᠶᠢᠬᠤ ᠶᠢ ᠬᠡᠯᠡᠨ᠎ᠡ᠃《ᠰᠤᠶᠤᠯ ᠢ ᠬᠠᠷᠠᠭᠤᠯᠬᠤ》ᠬᠡᠳᠡᠭ ᠨᠢ ᠬᠦᠮᠦᠯᠢᠭ ᠰᠤᠶᠤᠯ᠂ ᠤᠯᠠᠨ ᠲᠦᠮᠡᠨᠴᠢᠯᠠᠯᠳᠡ᠂ ᠪᠤᠲᠠᠲᠤ ᠴᠤᠭᠴᠠᠵᠢᠭᠤᠯᠤᠯᠳᠠ ᠶᠢ ᠴᠢᠬᠤᠯᠠᠴᠢᠯᠠᠬᠤ ᠶᠢᠨ ᠬᠠᠮᠲᠤ ᠦᠨᠳᠦᠰᠦᠲᠡᠨ ᠤ ᠰᠤᠶᠤᠯ ᠤᠨ ᠤᠬᠢ ᠰᠢᠯᠢᠳᠡᠭ ᠢ ᠢᠯᠡᠷᠡᠭᠦᠯᠦᠨ ᠬᠦᠮᠦᠰ ᠲᠤ ᠮᠡᠳᠡᠷᠡᠬᠦᠯᠵᠤ ᠪᠠᠬᠠᠷᠬᠠᠯ ᠪᠤᠯᠭᠠᠬᠤ ᠶᠢ ᠬᠡᠯᠡᠨ᠎ᠡ ᠬᠡᠵᠤ ᠳᠠᠶᠢᠯᠪᠤᠷᠢᠯᠠᠵᠠᠢ᠃

    ᠨᠢᠭᠡᠨᠲᠡ ᠲᠠᠪᠤᠨ ᠬᠤᠭᠤᠴᠠᠭ᠎ᠠ ᠵᠤᠬᠢᠶᠠᠨ ᠪᠠᠶᠢᠭᠤᠯᠤᠭᠰᠠᠨ ᠤᠯᠤᠰ ᠳᠠᠶᠠᠭᠠᠷ ᠤᠨ ᠴᠦᠬᠡᠨ ᠲᠤᠭᠠᠲᠤ ᠦᠨᠳᠦᠰᠦᠲᠡᠨ ᠤ ᠤᠷᠠᠨ ᠰᠠᠶᠢᠬᠠᠨ ᠤ ᠳᠠᠶᠢᠯᠤᠨ ᠲᠤᠭᠯᠠᠯᠲᠠ ᠨᠢ ᠴᠦᠬᠡᠨ ᠲᠤᠭᠠᠲᠤ ᠦᠨᠳᠦᠰᠦᠲᠡᠨ ᠤ ᠰᠤᠶᠤᠯ ᠤᠨ ᠤᠬᠢ ᠰᠤᠲᠤ ᠶᠢ ᠲᠦᠪᠯᠡᠷᠡᠭᠦᠯᠬᠦ ᠪᠠ ᠠᠭᠤᠳᠠᠯᠯᠠᠬᠤ ᠦᠪᠡᠳᠡᠭᠰᠢ ᠴᠤᠭᠯᠠᠭᠠᠨ ᠪᠤᠯᠵᠠᠢ᠃ ᠭᠤᠸᠠᠩᠰᠢ᠂ ᠬᠠᠶᠢᠨᠠᠨ ᠤ《ᠭᠤᠷᠪᠠᠨ ᠰᠠᠷ᠎ᠠ᠎ ᠶᠢᠨ ᠭᠤᠷᠪᠠᠨ》ᠤᠯᠠᠮᠵᠢᠯᠠᠯᠲᠤ ᠳᠠᠭᠤᠤ ᠬᠦᠭ᠍ᠵᠢᠮ ᠤᠨ ᠨᠠᠶᠢᠷ᠂ ᠦᠪᠦᠷ ᠮᠣᠩᠭᠣᠯ ᠤᠨ ᠤᠯᠠᠮᠵᠢᠯᠠᠯᠲᠤ ᠦᠨᠳᠦᠰᠦᠲᠡᠨ ᠤ ᠪᠡᠶ᠎ᠠ ᠶᠢᠨ ᠲᠠᠮᠢᠷ ᠤᠨ ᠴᠢᠭᠤᠯᠭᠠᠨ ᠪᠤᠯᠬᠤ《ᠨᠠᠶᠢᠷ ᠨᠠᠭᠠᠳᠤᠮ》ᠵᠡᠷᠭᠡ ᠨᠢ ᠴᠦᠮ ᠦᠨᠳᠦᠰᠦᠲᠡᠨ ᠤ ᠪᠦᠯᠬᠦᠮᠳᠡᠯ ᠢ ᠤᠬᠠᠭᠤᠯᠬᠤ ᠰᠤᠷᠭᠠᠨ ᠬᠦᠮᠦᠵᠢᠯ ᠤᠨ ᠰᠤᠩᠭᠤᠳᠠᠭ ᠪᠷᠧᠨ᠋ᠳ᠋ ᠪᠤᠯᠤᠭᠰᠠᠨ ᠪᠠᠶᠢᠨ᠎ᠠ᠃

    ᠴᠦᠬᠡᠨ ᠲᠤᠭᠠᠲᠤ ᠦᠨᠳᠦᠰᠦᠲᠡᠨ ᠤ ᠰᠤᠶᠤᠯ ᠤᠨ ᠪᠦᠲᠦᠭᠡᠯ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠵᠠᠮ ᠳᠡᠬᠡᠷ᠎ᠡ ᠦᠷᠭᠡᠨ ᠢᠶᠡᠷ ᠤᠯᠠᠮᠵᠢᠯᠠᠭᠳᠠᠨ ᠡᠯ᠎ᠠ ᠦᠨᠳᠦᠰᠦᠲᠡᠨ ᠤ ᠠᠮᠢᠳᠤᠷᠠᠯ᠂ ᠤᠶᠤᠨ ᠰᠠᠨᠠᠭᠠᠨ ᠤ ᠰᠤᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠠᠢ᠃

    ᠬᠡᠪᠴᠢᠶ᠎ᠡ ᠶᠢ ᠳᠡᠯᠡᠵᠤ ᠴᠢᠨᠠᠷ ᠢ ᠳᠡᠭᠡᠭ᠍ᠰᠢᠯᠡᠭᠦᠯᠬᠦ ᠳᠤ ᠰᠢᠨ᠎ᠠ ᠵᠠᠭᠪᠤᠷ ᠱᠠᠭᠠᠷᠳᠠᠭᠳᠠᠨ᠎ᠠ

    ᠱᠠᠩᠬᠠᠢ ᠬᠤᠲᠠ ᠳᠤ᠂ ᠬᠤᠲᠤᠩ ᠦᠨᠳᠦᠰᠦᠲᠡᠨ ᠤ ᠯᠢᠤ ᠶᠤᠸᠠᠢ ᠴᠢᠨ ᠪᠤᠯᠤᠨ ᠯᠢᠦ ᠵᠢᠶᠠᠨ ᠡᠬᠡᠴᠢ ᠲᠡᠭᠦᠦ ᠬᠤᠶᠠᠭᠤᠯᠠ ᠶᠢᠨ《ᠰᠢᠶᠤᠤ ᠯᠢᠤ ᠶᠢᠨ ᠤᠳᠠᠰᠤᠨ ᠤ ᠰᠠᠭᠠᠳ ᠦᠬᠡᠢ ᠦᠢᠯᠡᠴᠢᠯᠡᠬᠡ》ᠦᠩᠭᠡᠷᠡᠭᠰᠡᠨ ᠠᠷᠪᠠᠨ ᠵᠢᠯ ᠳᠤ ᠲᠠᠪᠬᠤᠷᠳᠠᠭᠰᠠᠨ ᠲᠤᠭ᠎ᠠ ᠪᠡᠷ ᠨᠡᠶᠢᠲᠡ 2 ᠲᠦᠮᠡ ᠭᠠᠷᠤᠢ ᠬᠦᠮᠦᠨ ᠤ ᠯᠠᠪᠯᠠᠯᠭ᠎ᠠ ᠶᠢ ᠬᠦᠯᠢᠶᠡᠨ ᠠᠪᠴᠠᠢ᠃ ᠤᠳᠤᠬᠠᠨ ᠳᠤ ᠳᠡᠷᠡ ᠨᠢ ᠱᠠᠩᠬᠠᠢ ᠶᠢᠨ ᠴᠦᠬᠡᠨ ᠲᠤᠭᠠᠲᠤ ᠦᠨᠳᠦᠰᠦᠲᠡᠨ ᠤ ᠦᠢᠯᠡᠴᠢᠯᠡᠭᠡᠨ ᠤ ᠨᠡᠷ᠎ᠠ ᠶᠢᠨ ᠬᠠᠭᠤᠳᠠᠰᠤ ᠪᠤᠯᠤᠭᠰᠠᠨ ᠪᠠᠶᠢᠨ᠎ᠠ᠃

    ᠱᠠᠩᠬᠠᠢ ᠶᠢᠨ ᠴᠦᠬᠡᠨ ᠲᠤᠭᠠᠲᠤ ᠦᠨᠳᠦᠰᠦᠲᠡᠨ ᠤ ᠠᠬᠠᠨ ᠲᠡᠭᠦᠤᠰ ᠤᠨ ᠬᠦᠮᠦᠨ ᠠᠮᠠ ᠵᠢᠯ ᠳᠠᠷᠠᠭᠠᠯᠠᠨ ᠨᠡᠮᠡᠭᠳᠡᠬᠦ ᠶᠢ ᠳᠠᠭᠠᠯᠳᠤᠨ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠨᠡᠶᠢᠭᠡᠮ ᠳᠡᠬᠦᠷᠬᠡ ᠶᠢᠨ ᠦᠨᠳᠦᠰᠦᠲᠡᠨ ᠤ ᠦᠢᠯᠡᠴᠢᠯᠡᠭᠡ ᠳᠤ ᠤᠷᠤᠯᠴᠠᠭᠤᠯᠵᠤ ᠪᠤᠢ᠃ 2014 ᠤᠨ ᠳᠤ᠂ ᠬᠤᠸᠠᠩ ᠫᠦ᠋ ᠵᠢᠶᠠᠩ ᠳᠤᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠠᠯᠪᠠᠨ ᠤ ᠳᠡᠮᠵᠢᠯᠭᠡ ᠪᠡᠷ ᠲᠤᠰ ᠳᠤᠭᠤᠷᠢᠭ ᠤᠨ ᠦᠨᠳᠦᠰᠦᠲᠡᠨ ᠤ ᠤᠨᠴᠠᠯᠢᠭᠲᠤ ᠬᠤᠶᠠᠷ ᠪᠷᠧᠨ᠋ᠳ᠋ -《ᠰᠢᠶᠤᠤ ᠯᠢᠤ ᠶᠢᠨ ᠤᠳᠠᠰᠤᠨ ᠤ ᠰᠠᠭᠠᠳ ᠦᠬᠡᠢ ᠦᠢᠯᠡᠴᠢᠯᠡᠬᠡ》᠂《ᠯᠢᠶᠠᠩ ᠶᠸᠦ ᠡᠷᠡᠭᠦᠯ ᠮᠡᠨᠲᠤ ᠶᠢᠨ ᠤᠳᠠᠰᠤᠨ ᠤ ᠰᠠᠭᠠᠳ ᠦᠬᠡᠢ ᠦᠢᠯᠡᠴᠢᠯᠡᠬᠡ》 ᠶᠢ ᠨᠡᠶᠢᠯᠡᠭᠦᠯᠦᠨ ᠵᠡᠷᠬᠡᠯᠡᠯ ᠳᠡᠪᠰᠢᠭᠦᠯᠵᠤ《ᠰᠢᠶᠤᠤ ᠯᠢᠤ ᠤᠳᠠᠰᠤᠨ ᠤ ᠰᠠᠭᠠᠳ ᠦᠬᠡᠢ ᠦᠢᠯᠡᠴᠢᠯᠡᠬᠡ ᠲᠠᠨ ᠤ ᠳᠡᠷᠬᠡᠳᠡ》ᠬᠡᠮᠡᠬᠦ ᠴᠦᠬᠡᠨ ᠲᠤᠭᠠᠲᠤ ᠦᠨᠳᠦᠰᠦᠲᠡᠨ ᠤ ᠰᠠᠶᠢᠨ ᠲᠤᠷᠠᠴᠤᠳ ᠤᠨ ᠠᠵᠢᠯᠯᠠᠬᠤ ᠦᠷᠦᠭᠡ ᠪᠤᠯᠭᠠᠵᠠᠢ᠃ ᠡᠨᠳᠡ ᠭᠤᠤᠯᠳᠠᠭᠤ ᠤᠷᠤᠭ ᠬᠤᠷᠢᠮ ᠤᠨ ᠵᠠᠭᠤᠴᠢ᠂ ᠰᠡᠳᠭᠢᠴᠡ ᠶᠢ ᠵᠠᠰᠠᠬᠤ᠂ ᠰᠤᠷᠭᠠᠨ ᠬᠦᠮᠦᠵᠢᠯ ᠪᠤᠯᠤᠨ ᠬᠠᠤᠯᠢ ᠴᠠᠭᠠᠵᠠ ᠶᠢᠨ ᠯᠠᠪᠯᠠᠯᠭ᠎ᠠ ᠬᠠᠩᠭᠠᠬᠤ ᠵᠡᠷᠭᠡ ᠦᠨᠳᠦᠰᠦᠲᠡᠨ ᠤ ᠠᠵᠢᠯ ᠤᠨ ᠲᠠᠯ᠎ᠠ ᠪᠦᠬᠦᠨ ᠢ ᠬᠠᠮᠤᠷᠤᠭᠰᠠᠨ ᠦᠢᠯᠡᠴᠢᠯᠡᠬᠡ ᠬᠠᠩᠭᠠᠳᠠᠭ᠃

    ᠦᠨᠳᠦᠰᠦᠲᠡᠨ ᠤ ᠪᠦᠯᠬᠦᠮᠳᠡᠯ ᠨᠢ ᠡᠷᠢᠨ ᠵᠠᠭᠤᠨ ᠤ ᠰᠡᠳᠦᠪ ᠳᠤᠯᠠ ᠪᠠᠶᠢᠳᠠᠯ ᠤᠨ ᠬᠠᠨᠳᠤᠰᠢ ᠳᠤ ᠵᠤᠬᠢᠴᠠᠭᠤᠯᠵᠤ᠂ ᠡᠭᠦᠳᠦᠨ ᠪᠦᠲᠦᠭᠡᠬᠦ ᠠᠵᠢᠯᠯᠠᠭᠠᠨ ᠤ ᠤᠶᠢᠯᠠᠭᠠᠯᠲᠠ᠂ ᠠᠷᠭ᠎ᠠ ᠠᠪᠴᠠᠯ ᠤᠨ ᠰᠢᠨ᠎ᠠ ᠶᠢ ᠡᠭᠦᠳᠬᠦ ᠬᠡᠷᠡᠭᠳᠡᠢ᠃ ᠪᠡᠭᠡᠵᠢᠩ ᠬᠤᠲᠠ ᠴᠦᠬᠡᠨ ᠲᠤᠭᠠᠲᠤ ᠦᠨᠳᠦᠰᠦᠲᠡᠨ ᠤ ᠨᠦᠬᠦᠷᠰᠡᠭ ᠬᠤᠯᠪᠤᠭ᠎ᠠ ᠪᠠᠶᠢᠭᠤᠯᠤᠨ᠂ ᠴᠦᠬᠡᠨ ᠲᠤᠭᠠᠲᠤ ᠦᠨᠳᠦᠰᠦᠲᠡᠨ ᠤ ᠲᠦᠯᠦᠭᠡᠯᠡᠭᠴᠢ ᠶᠢᠨ ᠦᠨᠳᠦᠰᠦᠲᠡᠨ ᠤ ᠬᠠᠷᠢᠴᠠᠭ᠎ᠠ ᠶᠢ ᠵᠤᠬᠢᠴᠠᠭᠤᠯᠬᠤ ᠲᠠᠯ᠎ᠠ ᠳᠡᠬᠢ ᠦᠢᠯᠡᠳᠦᠯ ᠢ ᠪᠠᠳᠠᠷᠠᠭᠤᠯᠵᠤ᠂ ᠬᠤᠲᠠ ᠶᠢᠨ ᠵᠡᠷᠭᠡᠯᠡᠯ ᠤᠨ ᠦᠨᠳᠦᠰᠦᠲᠡᠨ ᠤ ᠠᠵᠢᠯ ᠤᠨ ᠬᠦᠷᠢᠶ᠎ᠠ ᠴᠠᠷ᠎ᠠ ᠳᠡᠬᠢ《ᠵᠠᠩᠭᠢᠯᠠᠭ᠎ᠠ ᠶᠢᠨ ᠴᠢᠨᠠᠷᠲᠠᠢ》ᠨᠡᠶᠢᠭᠡᠮ ᠤᠨ ᠵᠤᠬᠢᠶᠠᠨ ᠪᠠᠶᠢᠭᠤᠯᠤᠯᠲᠠ ᠪᠤᠯᠤᠭᠰᠠᠨ ᠪᠠᠶᠢᠨ᠎ᠠ᠃

    ᠪᠦᠷᠭᠡ᠂ ᠸᠢᠴᠠᠲ ᠵᠢᠴᠢ ᠡᠯ᠎ᠠ ᠲᠦᠷᠦᠯ ᠤᠨ ᠭᠠᠷ ᠤᠲᠠᠰᠤᠨ ᠤ APP ᠶ᠋ᠢᠨ ᠳᠦᠷᠭᠡᠨ ᠳᠦᠭᠡᠮᠡᠯᠵᠢᠯᠲᠠ ᠶᠢ ᠳᠠᠭᠠᠯᠳᠤᠨ᠂ ᠰᠢᠨ᠎ᠠ ᠵᠠᠭᠤᠴᠢᠯᠠᠭᠤᠷ ᠤᠨ ᠲᠠᠪᠴᠠᠩ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠠᠵᠢᠯ ᠤᠨ ᠰᠢᠨ᠎ᠠ ᠰᠠᠭᠤᠷᠢᠨ ᠪᠤᠯᠪᠠ᠃ ᠱᠠᠨ ᠰᠢ ᠮᠤᠵᠢ ᠶᠢᠨ ᠬᠤ ᠭᠤᠸᠠᠨ ᠰᠢᠶᠠᠨ ᠤ ᠦᠨᠳᠦᠰᠦᠲᠡᠨ ᠱᠠᠰᠢᠨ ᠰᠤᠷᠲᠠᠬᠤᠨ ᠤ ᠲᠤᠪᠴᠢᠶ᠎ᠠ ᠸᠢᠴᠠᠲ ᠤᠨ ᠲᠠᠪᠴᠠᠩ ᠳᠤ ᠰᠠᠭᠤᠷᠢᠯᠠᠵᠤ《ᠪᠢᠴᠢᠯ》ᠬᠢᠴᠢᠶᠡᠯ ᠤᠨ ᠲᠢᠩᠬᠢᠮ᠂《ᠪᠢᠴᠢᠯ ᠵᠤᠬᠢᠶᠠᠨ ᠪᠠᠶᠢᠭᠤᠯᠤᠯᠲᠠ》ᠪᠠᠶᠢᠭᠤᠯᠤᠨ ᠰᠤᠷᠠᠭ ᠵᠠᠩᠭᠢ ᠬᠠᠩᠭᠠᠵᠤ᠂ ᠦᠨᠳᠦᠰᠦᠲᠡᠨ ᠱᠠᠰᠢᠨ ᠰᠤᠷᠲᠠᠬᠤᠨ ᠤ ᠡᠳᠡᠬᠡᠳ ᠤᠨ ᠬᠢᠨ ᠢ ᠳᠠᠶᠢᠴᠢᠯᠠᠨ《ᠪᠢᠴᠢᠯ》ᠵᠤᠬᠢᠶᠠᠨ ᠪᠠᠶᠢᠭᠤᠯᠤᠯᠲᠠ ᠪᠡᠷ ᠳᠠᠮᠵᠢᠨ ᠦᠵᠡᠯ ᠰᠠᠨᠠᠭ᠎ᠠ ᠪᠡᠨ ᠰᠤᠯᠢᠯᠴᠠᠬᠤ᠂ ᠯᠠᠪᠯᠠᠯᠭ᠎ᠠ ᠠᠪᠬᠤ ᠵᠡᠷᠭᠡ ᠠᠵᠢᠯᠯᠠᠭ᠎ᠠ ᠦᠷᠨᠢᠭᠦᠯᠵᠤ ᠪᠤᠢ᠃

    ᠱᠠᠩᠬᠠᠢ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠵᠦᠪᠯᠡᠯ 2016 ᠤᠨ ᠤ 6 ᠰᠠᠷ᠎ᠠ ᠳᠡᠬᠢ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠢ ᠬᠠᠤᠯᠢ ᠪᠡᠷ ᠵᠠᠰᠠᠬᠤ ᠤᠬᠠᠭᠤᠯᠭ᠎ᠠ ᠶᠢᠨ ᠠᠵᠢᠯᠯᠠᠭᠠᠨ ᠤ ᠰᠠᠷ᠎ᠠ ᠳᠤ《ᠦᠨᠳᠦᠰᠦᠲᠡᠨ ᠤ ᠮᠡᠳᠡᠯᠭᠡ》ᠬᠤᠶᠠᠷ ᠬᠡᠮᠵᠢᠯᠳᠡᠲᠤ ᠺᠤᠳ᠋ ᠬᠢᠵᠤ᠂ 10 ᠨᠤᠮᠧᠷᠲᠤ ᠦᠨᠳᠦᠰᠦᠲᠡᠨ ᠤ ᠪᠦᠮᠬᠦᠮᠳᠡᠯ ᠨᠡᠷᠡᠮᠵᠢᠲᠤ ᠮᠧᠲ᠋ᠷᠣ᠋ ᠪᠡᠷ ᠤᠬᠠᠭᠤᠯᠤᠨ ᠰᠤᠷᠳᠠᠯᠴᠢᠯᠠᠭᠰᠠᠨ ᠪᠠᠶᠢᠨ᠎ᠠ᠃ ᠰᠢᠨᠵᠢᠶᠠᠩ ᠤᠨ ᠤᠶᠢᠭᠤᠷ ᠤᠨ ᠦᠪᠡᠷᠲᠡᠭᠡᠨ ᠵᠠᠰᠠᠬᠤ ᠤᠷᠤᠨ ᠤ ᠴᠠᠩ ᠵᠢᠢ ᠵᠸᠤ ᠨᠢ ᠪᠠᠶᠡᠴᠢ ᠢᠳᠡᠪᠬᠢᠵᠢᠯ ᠢᠶᠡᠨ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠪᠠᠶᠢᠭᠤᠯᠤᠯᠭ᠎ᠠ ᠳᠤ ᠬᠦᠳᠡᠯᠦᠩᠭᠦᠢ ᠬᠠᠮᠢᠶᠠᠷᠤᠯᠲᠠ ᠶᠠᠪᠤᠭᠳᠠᠭᠤᠯᠵᠤ᠂ ᠡᠭᠦᠳᠦᠨ ᠪᠦᠲᠦᠭᠡᠯᠴᠢ ᠴᠢᠨᠠᠷᠲᠠᠢ ᠪᠡᠷ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠠᠵᠢᠯ ᠢ《ᠭᠤᠷᠪᠠᠨ ᠵᠢᠯ ᠳᠤ ᠬᠤᠭᠤᠴᠠᠭ᠎ᠠ ᠳᠦᠭᠦᠷᠬᠡᠵᠤ ᠡᠬᠢᠨ ᠡᠴᠡ ᠨᠢ ᠡᠬᠢᠯᠡᠬᠦ》ᠠᠷᠭ᠎ᠠ ᠪᠡᠷ ᠶᠠᠪᠤᠭᠳᠠᠭᠤᠯᠪᠠ᠃ 2015 ᠤᠨ ᠡᠴᠡ 2016 ᠤᠨ ᠪᠤᠯᠲᠠᠯ᠎ᠠ᠂ ᠴᠠᠩ ᠵᠢᠢ ᠵᠸᠤ ᠨᠢ 940 ᠵᠸᠤ ᠶᠢᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠪᠠᠶᠢᠭᠤᠯᠤᠯᠭ᠎ᠠ ᠶᠢ ᠡᠨᠡᠬᠦ ᠠᠷᠭ᠎ᠠ ᠶᠢᠨ ᠳᠠᠭᠠᠤ ᠰᠢᠯᠭᠠᠨ ᠠᠪᠴᠤ᠂ ᠬᠢᠷᠢ ᠳᠡᠩᠴᠡᠭᠰᠡᠨ ᠦᠬᠡᠢ 140 ᠪᠠᠶᠢᠭᠤᠯᠤᠯᠭ᠎ᠠ ᠶᠢᠨ ᠢᠷᠠᠭᠤ ᠠᠯᠳᠠᠷ ᠤᠨ ᠴᠤᠯᠠ ᠶᠢ ᠬᠠᠰᠤᠭᠰᠠᠨ ᠪᠠᠶᠢᠨ᠎ᠠ᠃ ᠡᠨᠡᠬᠦ ᠠᠷᠭ᠎ᠠ ᠠᠪᠴᠠᠯ ᠨᠢ ᠡᠯ᠎ᠠ ᠬᠤᠲᠠ ᠰᠢᠶᠠᠨ᠂ ᠡᠯ᠎ᠠ ᠰᠠᠯᠠᠭ᠎ᠠ ᠮᠦᠴᠢᠷ ᠤᠨ ᠬᠢᠨ ᠤ ᠠᠵᠢᠯ ᠤᠨ ᠤᠷᠮ᠎ᠠ ᠪᠤᠯᠤᠨ ᠡᠷᠴᠢ ᠬᠦᠴᠦᠨ ᠢ ᠳᠠᠶᠢᠴᠢᠯᠠᠬᠤ ᠶᠢᠨ ᠬᠠᠮᠲᠤ ᠨᠡᠶᠢᠭᠡᠮ ᠤᠨ ᠠᠩᠬᠠᠷᠤᠯ ᠳᠤ ᠬᠦᠷᠴᠤ᠂ ᠨᠦᠯᠦᠭᠡᠯᠡᠬᠦ ᠬᠦᠴᠦᠨ ᠢᠶᠡᠨ ᠨᠡᠮᠡᠭᠳᠡᠭᠦᠯᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121262998