蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠮᠣᠩᠭᠣᠯ ᠤᠨ ᠬᠢᠯᠢ ᠶᠢᠨ ᠲᠠᠯ᠎ᠠ ᠨᠤᠲᠤᠭ ᠤᠨ ᠲᠦᠢᠮᠡᠷ ᠢ ᠤᠨᠲᠠᠷᠠᠭᠠᠪᠠ

2017-07-06 11:18

    ᠰᠢᠨᠬᠤᠸᠠ ᠬᠤᠷᠢᠶ᠎ᠠ  ᠬᠦᠬᠡᠬᠤᠲᠠ ᠶᠢᠨ 7 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠽᠸᠤ ᠵᠢᠶᠠᠨ ᠫᠦ᠋)  ᠰᠤᠷᠪᠤᠯᠵᠢᠯᠠᠭᠴᠢ 5 ᠤ ᠡᠳᠦᠷ ᠤᠨ ᠦᠳᠡ ᠶᠢᠨ ᠡᠮᠦᠨ᠎ᠠ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠠᠨ ᠰᠠᠯᠠᠭ᠎ᠠ ᠮᠦᠴᠢᠷ ᠡᠴᠡ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠶᠡᠬᠡ ᠬᠢᠩᠭ᠋ᠠᠨ ᠳᠠᠪᠠᠭᠠᠨ ᠤ ᠤᠮᠠᠷᠠᠲᠤ ᠬᠡᠰᠡᠭ ᠲᠡᠬᠢ ᠪᠡᠯᠡᠷ ᠤᠢ ᠶᠢᠨ ᠪᠦᠰᠨ ᠳᠤ ᠲᠦᠷᠦᠭᠦᠬᠡᠨ ᠤᠯᠠᠨ ᠬᠡᠰᠡᠭ ᠲᠦᠢᠮᠡᠷ ᠭᠠᠷᠴᠤ ᠪᠠᠴᠢᠮ ᠠᠪᠤᠷᠠᠨ ᠲᠤᠰᠠᠯᠠᠬᠤ᠂ ᠰᠠᠬᠢᠨ ᠬᠠᠷᠠᠭᠤᠯᠳᠠᠬᠤ ᠠᠵᠢᠯᠯᠠᠭ᠎ᠠ ᠦᠷᠭᠦᠯᠵᠢᠯᠡᠭᠰᠡᠭᠡᠷ᠃ ᠳᠤᠮᠳᠠᠳᠤ ᠮᠣᠩᠭᠣᠯ ᠤᠨ ᠬᠢᠯᠢ ᠳᠤ ᠨᠤᠴᠤᠭᠠᠳ ᠤᠳᠠᠵᠤ ᠪᠠᠶᠢᠭ᠎ᠠ ᠲᠠᠯ᠎ᠠ ᠨᠤᠲᠤᠭ ᠤᠨ ᠲᠦᠢᠮᠡᠷ ᠢ 4 ᠤ ᠡᠳᠦᠷ ᠤᠨᠲᠠᠷᠠᠭᠠᠪᠠ᠂ ᠠᠪᠤᠷᠠᠨ ᠲᠤᠰᠠᠯᠠᠬᠤ ᠬᠦᠮᠦᠰ ᠭᠠᠵᠠᠷ ᠳᠡᠭᠡᠷ᠎ᠠ ᠡᠴᠡ ᠨᠢ ᠤᠬᠤᠷᠢᠨ ᠭᠠᠷᠴᠦ ᠪᠤᠢ᠂ ᠳᠤᠮᠳᠠᠳᠤ ᠶᠢᠨ ᠲᠠᠯ᠎ᠠ ᠶᠢᠨ ᠬᠢᠨ ᠤ ᠬᠦᠮᠦᠨ ᠬᠠᠷ᠎ᠠ ᠡᠨᠳᠡᠵᠤ ᠰᠢᠷᠬᠠᠲᠤᠭᠰᠠᠨ ᠦᠭᠡᠢ᠃

    6 ᠰᠠᠷ᠎ᠠ ᠶᠢᠨ ᠰᠡᠭᠦᠯᠴᠢ ᠡᠴᠡ ᠨᠠᠭᠠᠰᠢ᠂ ᠦᠪᠦᠷ ᠮᠣᠩᠭᠣᠯ ᠤᠨ ᠶᠡᠬᠡ ᠬᠢᠩᠭ᠋ᠠᠨ ᠳᠠᠪᠠᠭᠠᠨ ᠤ ᠤᠮᠠᠷᠠᠲᠤ ᠬᠡᠰᠡᠭ ᠲᠡᠬᠢ ᠪᠡᠯᠡᠷ ᠤᠢ ᠶᠢᠨ ᠪᠦᠰᠨ ᠳᠤ ᠵᠠᠯᠭᠠᠪᠠᠷ ᠤᠯᠠᠨ ᠴᠢᠭ ᠲᠤ ᠤᠢ ᠰᠢᠭᠤᠢ ᠶᠢᠨ ᠲᠦᠢᠮᠡᠷ ᠲᠦᠪᠯᠡᠷᠡᠨ ᠭᠠᠷᠪᠠ᠃ ᠦᠪᠦᠷ ᠮᠣᠩᠭᠣᠯ ᠡᠴᠡ 2700 ᠭᠠᠷᠤᠢ ᠬᠦᠮᠦᠨ ᠢ ᠲᠤᠮᠢᠯᠠᠵᠤ ᠠᠪᠤᠷᠠᠨ ᠲᠤᠰᠠᠯᠠᠬᠤ ᠠᠵᠢᠯᠯᠠᠭ᠎ᠠ ᠳᠤ ᠤᠷᠤᠯᠴᠠᠭᠤᠯᠪᠠ᠂ ᠡᠭᠦᠨ ᠳᠤ 1400 ᠭᠠᠷᠤᠢ ᠵᠡᠪᠰᠡᠭᠲᠤ ᠴᠠᠭᠳᠠᠭ᠎ᠠ ᠶᠢᠨ ᠤᠢ ᠰᠢᠭᠤᠢ ᠶᠢᠨ ᠴᠡᠷᠢᠭ ᠪᠠᠭᠲᠠᠨ᠎ᠠ᠃ ᠪᠡᠯᠡᠷ ᠤᠢ ᠶᠢᠨ ᠬᠦᠨ ᠳᠤ ᠲᠦᠢᠮᠡᠷ ᠭᠠᠷᠤᠭᠰᠠᠨ ᠡᠴᠡ ᠴᠡᠷᠢᠭ ᠤᠨ ᠬᠦᠴᠦᠨ ᠲᠤᠮᠢᠯᠠᠬᠤ ᠳᠤ ᠬᠦᠴᠢᠷ᠂ ᠲᠦᠢᠮᠡᠷ ᠤᠨ ᠲᠠᠯᠠᠪᠠᠢ ᠶᠢᠨ ᠭᠠᠵᠠᠷ ᠤᠨ ᠪᠠᠢᠢᠴᠠ ᠪᠤᠲᠤᠯᠢᠶᠠᠨᠳᠠᠢ᠂ ᠮᠤᠳᠤᠨ ᠳᠡᠬᠢ ᠲᠤᠰᠤᠨ ᠤ ᠠᠭᠤᠯᠤᠭᠳᠠᠴᠠ ᠶᠡᠬᠡ ᠲᠤᠯᠠ ᠠᠪᠤᠷᠠᠨ ᠲᠤᠰᠠᠯᠠᠬᠤ ᠠᠵᠢᠯᠯᠠᠭ᠎ᠠ ᠶᠠᠪᠤᠭᠳᠠᠭᠤᠯᠬᠤ ᠳᠤ ᠬᠦᠴᠢᠷᠲᠠᠢ ᠪᠠᠶᠢᠨ᠎ᠠ᠃

    ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠬᠦᠯᠦᠨ ᠪᠤᠶᠢᠷ ᠤᠨ ᠲᠠᠯ᠎ᠠ ᠨᠤᠲᠤᠭ ᠲᠠᠢ ᠬᠦᠷᠰᠢᠯᠡᠵᠤ ᠪᠠᠶᠢᠭ᠎ᠠ ᠮᠣᠩᠭᠣᠯ ᠤᠯᠤᠰ ᠤᠨ ᠲᠠᠯ᠎ᠠ ᠨᠤᠲᠤᠭ ᠲᠤ ᠲᠦᠢᠮᠡᠷ ᠡᠭᠦᠰᠴᠤ᠂ 6 ᠰᠠᠷ᠎ᠠ ᠶᠢᠨ 29 ᠤ ᠡᠳᠦᠷ ᠮᠠᠨ ᠤ ᠤᠯᠤᠰ ᠤᠨ ᠬᠢᠯᠢ ᠳᠤ ᠰᠢᠲᠠᠨ ᠤᠷᠤᠵᠤ ᠢᠷᠡᠭᠡᠳ᠂ ᠲᠦᠢᠮᠡᠷ ᠤᠨ ᠪᠠᠶᠢᠳᠠᠯ ᠰᠢᠷᠦᠭᠦᠰᠤᠨ ᠰᠢᠨ᠎ᠠ ᠪᠠᠷᠭᠤ ᠵᠡᠭᠦᠨ ᠬᠤᠰᠢᠭᠤᠨ ᠤ ᠬᠠᠨᠳᠠᠭᠠᠢ ᠤᠢ ᠰᠢᠭᠤᠢ ᠶᠢᠨ ᠲᠠᠯᠠᠪᠠᠢ ᠶᠢᠨ ᠬᠢᠯᠢ ᠶᠢᠨ ᠱᠤᠭᠤᠮ ᠤᠨ 24 ᠺᠢᠯᠦᠮᠸᠲ᠋ᠷ ᠤᠨ ᠬᠡᠰᠡᠭ ᠲᠤ ᠬᠦᠷᠴᠠᠢ᠂ ᠡᠨᠡ ᠨᠢ ᠦᠪᠦᠷ ᠮᠣᠩᠭᠣᠯ ᠤᠨ ᠤᠮᠠᠷᠠᠲᠤ ᠶᠢᠨ ᠤᠢ ᠰᠢᠭᠤᠢ ᠶᠢᠨ ᠠᠮᠤᠷ ᠲᠦᠪᠰᠢᠨ ᠢ ᠰᠦᠷᠲᠡᠭᠦᠯᠪᠠ᠃ ᠬᠡᠳᠦᠨ ᠡᠳᠦᠷ ᠳᠠᠷᠠᠭᠠᠯᠠᠨ ᠠᠮᠳᠠᠨ ᠤᠨᠲᠠᠷᠠᠭᠠᠬᠤ᠂ ᠰᠠᠬᠢᠨ ᠬᠠᠷᠠᠭᠤᠯᠳᠠᠬᠤ ᠪᠡᠷ ᠳᠠᠮᠵᠢᠨ ᠮᠣᠩᠭᠣᠯ ᠤᠯᠤᠰ ᠤᠨ ᠲᠦᠢᠮᠡᠷ ᠮᠠᠨ ᠤ ᠤᠯᠤᠰ ᠤᠨ ᠤᠢ ᠰᠢᠭᠤᠢ᠂ ᠲᠠᠯ᠎ᠠ ᠨᠤᠲᠤᠭ ᠢ ᠲᠠᠬᠢᠨ ᠰᠦᠷᠳᠡᠭᠦᠯᠬᠦ ᠦᠭᠡᠢ ᠪᠠᠶᠢᠬᠤ ᠶᠢ ᠪᠠᠲᠤᠯᠠᠭᠰᠠᠨ ᠤ ᠳᠠᠷᠠᠭ᠎ᠠ ᠠᠪᠤᠷᠠᠨ ᠲᠤᠰᠠᠯᠠᠬᠤ ᠬᠦᠮᠦᠰ 4 ᠤ ᠡᠳᠦᠷ ᠭᠠᠵᠠᠷ ᠳᠡᠭᠡᠷ᠎ᠠ ᠡᠴᠡ ᠨᠢ ᠤᠬᠤᠷᠢᠨ ᠭᠠᠷᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121274441