蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ᠄ ᠵᠠᠷᠢᠮ ᠬᠤᠰᠢᠭᠤ ᠨᠤᠳᠤᠭ ᠨᠠᠶᠢᠷ ᠨᠠᠭᠠᠳᠤᠮ ᠤᠨ ᠠᠵᠢᠯᠯᠠᠭ᠎ᠠ ᠡᠷᠬᠢᠯᠡᠬᠦ ᠪᠡᠨ ᠪᠤᠯᠢᠭᠠᠳ ᠪᠦᠬᠦ ᠬᠦᠴᠦᠨ ᠢᠶᠡᠷ ᠢᠶᠡᠨ ᠭᠠᠩ ᠲᠠᠢ ᠲᠡᠮᠡᠴᠡᠵᠤ ᠪᠠᠶᠢᠨ᠎ᠠ

2017-07-07 15:07

    ᠰᠢᠨᠬᠤᠸᠠ ᠮᠤᠩᠭᠤᠯ ᠨᠧᠲ  ᠬᠦᠬᠡᠬᠤᠳᠠ ᠶᠢᠨ 7 ᠰᠠᠷ᠎ᠠ ᠶᠢᠨ 7 ᠤ ᠡᠳᠤᠷ ᠤᠨ ᠴᠠᠬᠢᠯᠭᠠᠨ ᠮᠡᠳᠡᠬᠡ ( ᠪᠠᠢ ᠯᠢᠩ ᠳ᠋ᠢ ᠰᠤᠷᠤᠶ᠎ᠠ)  ᠡᠨᠡ ᠬᠠᠪᠤᠷ ᠡᠴᠡ ᠨᠠᠰᠢ ᠬᠠᠯᠠᠭᠤᠨ ᠬᠠᠭᠤᠷᠠᠢ ᠴᠠᠭ ᠠᠭᠠᠷ ᠤᠷᠳᠤ ᠬᠤᠭᠤᠴᠠᠭ᠎ᠠ ᠪᠡᠷ ᠦᠷᠬᠦᠯᠵᠢᠯᠡᠨ᠂ ᠬᠤᠷ᠎ᠠ ᠲᠤᠨᠳᠠᠰᠤ ᠴᠦᠬᠡᠷᠡᠵᠤ ᠦᠪᠦᠷ ᠮᠤᠩᠭᠤᠯ ᠤᠨ ᠤᠯᠠᠩᠬᠢ ᠪᠦᠰᠡ ᠨᠤᠳᠤᠭ ᠤᠨ ᠭᠠᠩ ᠤᠨ ᠪᠠᠶᠢᠳᠠᠯ ᠬᠡᠴᠡᠬᠦᠳᠡᠭᠰᠡᠨ ᠡᠴᠡ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠦᠢᠯᠡᠳᠪᠦᠷᠢᠯᠡᠯ ᠳᠤ ᠠᠳᠠᠯᠢ ᠪᠤᠰᠤ ᠬᠡᠮᠵᠢᠶᠠᠨ ᠤ ᠬᠤᠬᠢᠷᠠᠯ ᠤᠴᠠᠷᠠᠭᠤᠯᠤᠬᠰᠠᠨ ᠪᠠᠶᠢᠨ᠎ᠠ᠃ ᠡᠯ᠎ᠡ ᠭᠠᠵᠠᠷ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ  ᠭᠠᠩ ᠤᠨ ᠪᠠᠶᠢᠳᠠᠯ ᠢ ᠭᠤᠤᠯᠴᠢᠯᠠᠨ ᠠᠩᠬᠠᠷᠴᠤ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ᠂ ᠭᠠᠮᠰᠢᠭ ᠤᠨ ᠬᠤᠬᠢᠷᠠᠯ ᠢ ᠬᠠᠮᠤᠭ ᠤᠨ ᠲᠤᠤᠷ᠎ᠠ ᠬᠡᠮᠵᠢᠶᠡᠨ ᠳᠤ ᠬᠢᠵᠠᠭᠠᠷᠯᠠᠬᠤ ᠪᠡᠷ ᠴᠢᠷᠮᠠᠶᠢᠨ ᠠᠵᠢᠯᠯᠠᠵᠤ᠂ ᠵᠠᠷᠢᠮ ᠬᠤᠰᠢᠭᠤ ᠨᠤᠳᠤᠭ ᠲᠤᠮᠤ ᠬᠡᠪᠴᠢᠶᠡᠨ ᠤ ᠬᠤᠷᠠᠯ ᠴᠤᠭᠯᠠᠭᠠᠨ᠂ ᠨᠠᠶᠢᠷ ᠨᠠᠭᠠᠳᠤᠮ ᠵᠡᠷᠬᠡ ᠠᠵᠢᠯᠯᠠᠭ᠎ᠠ ᠡᠷᠬᠢᠯᠡᠬᠦ ᠪᠡᠨ ᠪᠤᠯᠢᠵᠤ ᠪᠦᠬᠦ ᠲᠠᠯ᠎ᠠ ᠪᠡᠷ ᠭᠠᠩ ᠲᠠᠢ ᠲᠡᠮᠡᠴᠡᠬᠦ ᠠᠵᠢᠯ ᠦᠷᠨᠢᠬᠦᠯᠵᠤ ᠪᠠᠶᠢᠨ᠎ᠠ᠃

    ᠰᠢᠯᠢ ᠶᠢᠨ ᠭᠤᠤᠯ ᠠᠶᠢᠮᠠᠭ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠡᠴᠡ ᠤᠶᠢᠯᠠᠭᠠᠭᠰᠠᠨ ᠢᠶᠡᠷ᠂ 2000 ᠤᠨ ᠡᠴᠡ ᠨᠠᠰᠢ ᠬᠤᠶᠠᠳᠠᠬᠢ ᠤᠳᠠᠭ᠎ᠠ ᠢᠩᠬᠢᠵᠤ ᠬᠦᠨᠳᠤ ᠨᠤᠴᠢᠲᠠᠢ ᠭᠠᠩᠳᠠᠵᠤ ᠪᠠᠶᠢᠨ᠎᠎ᠠ᠂ ᠡᠯ᠎ᠡ ᠭᠠᠵᠠᠷ ᠤᠷᠤᠨ ᠤ ᠭᠤᠤᠯ ᠬᠦᠴᠦᠨ ᠢ ᠲᠦᠪᠯᠡᠷᠡᠬᠦᠯᠦᠨ ᠭᠠᠩ ᠲᠠᠢ ᠲᠡᠮᠡᠴᠡᠵᠤ ᠭᠠᠮᠰᠢᠭ ᠤᠨ ᠬᠤᠬᠢᠷᠠᠯ ᠢ ᠪᠠᠭᠠᠰᠬᠠᠬᠤ ᠶᠢᠨ ᠲᠦᠯᠦᠬᠡ ᠰᠢᠯᠢᠩᠬᠤᠳᠠ ᠳᠤ 7 ᠰᠠᠷ᠎ᠠ ᠶᠢᠨ ᠰᠡᠬᠦᠯᠴᠢ ᠦᠶ᠎ᠡ ᠪᠡᠷ ᠡᠷᠬᠢᠯᠡᠬᠦ ᠰᠢᠯᠢ ᠶᠢᠨ ᠭᠤᠤᠯ ᠠᠶᠢᠮᠠᠭ ᠤᠨ ᠠᠷᠪᠠᠨ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠶᠡᠬᠡ ᠬᠤᠷᠠᠯ᠂ 7 ᠰᠠᠷ᠎ᠠ ᠶᠢᠨ 6 ᠤ ᠡᠳᠤᠷ ᠡᠴᠡ 8 ᠤ ᠡᠳᠤᠷ ᠪᠤᠯᠳᠠᠯ᠎ᠠ ᠶᠠᠪᠤᠭᠳᠠᠬᠤ ᠪᠡᠷ ᠪᠠᠶᠢᠭᠰᠠᠨ ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ᠂ 7 ᠰᠠᠷ᠎ᠠ ᠶᠢᠨ 21 ᠤ ᠡᠳᠤᠷ ᠶᠠᠪᠤᠭᠳᠠᠬᠤ ᠠᠪᠠᠭ᠎ᠠ ᠬᠤᠰᠢᠭᠤᠨ ᠤ ᠨᠠᠶ᠋ᠮᠠᠳᠤᠭᠠᠷ ᠬᠤᠭᠤᠴᠠᠭᠠᠨ ᠤ ᠨᠠᠭᠠᠳᠤᠮ ᠤᠨ ᠶᠡᠬᠡ ᠬᠤᠷᠠᠯ ᠵᠢᠴᠢ 《 ᠨᠤᠮᠢᠨ ᠠᠪᠠᠭ᠎ᠠ ᠬᠤᠶᠠᠳᠤᠭᠠᠷ ᠬᠤᠭᠤᠴᠠᠭᠠᠨ ᠤ ᠠᠷᠠᠳ ᠤᠨ ᠨᠠᠭᠠᠳᠤᠮ ᠤᠨ ᠶᠡᠬᠡ ᠬᠤᠷᠠᠯ》 ᠪᠤᠯᠤᠨ ᠨᠠᠶ᠋ᠮᠠᠳᠤᠭᠠᠷ ᠬᠤᠭᠤᠴᠠᠭᠠᠨ ᠤ ᠬᠠᠷ᠎ᠠ ᠠᠳᠤᠭᠤᠨ ᠤ ᠰᠤᠶᠤᠯ ᠤᠨ ᠨᠠᠶᠢᠷ᠂ 7 ᠰᠠᠷ᠎ᠠ ᠶᠢᠨ 19 -20 ᠤ ᠡᠳᠤᠷ ᠪᠤᠯᠬᠤ ᠠᠪᠠᠭ᠎ᠠ ᠵᠠᠯᠮ᠎ᠠ ᠬᠠᠷ᠎ᠠ ᠲᠠᠭᠤᠤ ᠬᠦᠭ᠍ᠵᠢᠮ ᠤᠨ ᠨᠠᠶᠢᠷ᠂ ᠪᠠᠷᠠᠭᠤᠨ ᠦᠵᠦᠮᠦᠴᠢᠨ ᠬᠤᠰᠢᠭᠤᠨ ᠤ 7 ᠰᠠᠷ᠎ᠠ ᠶᠢᠨ 7- 9  ᠤ ᠡᠳᠤᠷ ᠪᠤᠯᠬᠤ ᠲᠤᠮᠳᠠᠳᠤ ᠤᠯᠤᠰ ᠤᠨ ᠲᠡᠮᠦᠵᠢᠨ ᠨᠡᠷᠡᠮᠵᠢᠳᠤ ᠤᠯᠠᠨ ᠤᠯᠤᠰ ᠤᠨ ᠲᠤᠭᠤᠢ ᠲᠡᠷᠬᠡᠨ ᠤ ᠤᠷᠤᠯᠳᠤᠭᠠᠨ ᠵᠢᠴᠢ ᠲᠤᠮᠳᠠᠳᠤ ᠤᠯᠤᠰ ᠤᠨ ᠲᠡᠮᠦᠵᠢᠨ ᠨᠡᠷᠡᠮᠵᠢᠳᠤ ᠤᠯᠠᠨ ᠤᠯᠤᠰ ᠤᠨ ᠲᠠᠯ᠎ᠠ ᠨᠤᠳᠤᠭ ᠤᠨ ᠮᠠᠷᠠᠽᠤᠨ ᠳᠡᠮᠡᠴᠡᠬᠡᠨ᠂ 7 ᠰᠠᠷ᠎ᠠ ᠶᠢᠨ 17 ᠤ ᠡᠳᠤᠷ ᠶᠠᠪᠤᠭᠳᠠᠬᠤ ᠲᠤᠮᠳᠠᠳᠤ ᠶᠢᠨ ᠦᠨᠳᠦᠰᠦᠳᠡᠨ ᠤ ᠬᠤᠯᠠ ᠵᠠᠮ ᠤᠨ ᠮᠤᠷᠢᠨ ᠤ ᠤᠷᠤᠯᠳᠤᠭᠠᠨ ᠵᠡᠷᠬᠡ ᠰᠤᠶᠤᠯ ᠲᠠᠮᠢᠷ ᠵᠢᠭᠤᠯᠴᠢᠯᠠᠯ ᠤᠨ ᠴᠤᠪᠤᠷᠠᠯ ᠠᠵᠢᠯᠯᠠᠭ᠎ᠠ᠂ ᠭᠤᠷᠪᠠᠳᠤᠭᠠᠷ ᠬᠤᠭᠤᠴᠠᠭᠠᠨ ᠤ ᠲᠠᠶᠢᠪᠤᠰᠧ ᠬᠤᠰᠢᠭᠤᠨ ᠤ ᠬᠦᠨᠪᠤᠯᠠᠭ ᠲᠠᠯ᠎ᠠ ᠨᠤᠳᠤᠭ ᠤᠨ ᠴᠡᠬᠡ ᠶᠢᠨ ᠨᠠᠶᠢᠷ ᠵᠡᠷᠬᠡ ᠶᠢ ᠬᠢᠬᠦ ᠪᠡᠨ ᠪᠤᠯᠢᠭᠰᠠᠨ ᠮᠡᠳᠡᠭᠳᠡᠯ ᠢ ᠬᠤᠯᠪᠤᠭᠳᠠᠯ ᠪᠦᠬᠦᠢ ᠰᠠᠯᠠᠭ᠎ᠠ ᠮᠦᠴᠢᠷ ᠡᠴᠡ ᠲᠤᠰ ᠲᠤᠰ ᠵᠠᠷᠯᠠᠭᠰᠠᠨ ᠪᠠᠶᠢᠨ᠎ᠠ᠃

    ᠬᠦᠯᠦᠨ ᠪᠤᠶᠢᠷ ᠬᠤᠳᠠ ᠶᠢᠨ ᠰᠢᠨ᠎ᠡ ᠪᠠᠷᠭᠤ ᠵᠡᠬᠦᠨ ᠬᠤᠰᠢᠭᠤᠨ ᠤ ᠤᠬᠠᠭᠤᠯᠬᠤ ᠬᠡᠯᠳᠡᠰ ᠡᠴᠡ ᠤᠶᠢᠯᠠᠭᠠᠭᠰᠠᠨ ᠢᠶᠡᠷ᠂ ᠰᠢᠨ᠎ᠡ ᠪᠠᠷᠭᠤ ᠵᠡᠬᠦᠨ ᠬᠤᠰᠢᠭᠤ ᠬᠦᠴᠦ ᠪᠠᠨ ᠲᠦᠪᠯᠡᠷᠡᠬᠦᠯᠦᠨ ᠭᠠᠩ ᠢ ᠡᠰᠡᠷᠬᠦᠴᠡᠨ ᠬᠤᠬᠢᠷᠠᠯ ᠢ ᠪᠠᠭᠠᠰᠬᠠᠬᠤ ᠶᠢᠨ ᠲᠦᠯᠦᠭᠡ 2017 ᠤᠨ ᠤ《ᠭᠠᠨᠵᠤᠤᠷ ᠴᠢᠭᠤᠯᠭᠠᠨ》ᠰᠤᠶᠤᠯ ᠵᠢᠭᠤᠯᠴᠢᠯᠠᠯ ᠤᠨ ᠴᠤᠪᠤᠷᠠᠯ ᠠᠵᠢᠯᠯᠠᠭ᠎ᠠ ᠶᠢᠨ 《ᠭᠠᠨᠵᠤᠤᠷ ᠨᠠᠭᠠᠳᠤᠮ》᠂ 《ᠭᠠᠨᠵᠤᠤᠷ》 ᠬᠤᠳᠠᠯᠳᠤᠭᠠᠨ ᠤ ᠴᠢᠭᠤᠯᠭᠠᠨ᠂ ᠪᠠᠷᠭᠤ ᠲᠠᠯ᠎ᠠ ᠨᠤᠳᠤᠭ ᠤᠨ ᠤᠨᠴᠠᠯᠢᠭᠳᠤ ᠢᠳᠡᠬᠡᠨ ᠤ ᠨᠠᠶᠢᠷ ᠵᠢᠴᠢ《ᠠᠩᠬᠠᠳᠤᠭᠠᠷ ᠬᠤᠭᠤᠴᠠᠭᠠᠨ ᠤ ᠭᠠᠨᠵᠤᠤᠷ ᠢᠯᠡᠳᠬᠡᠯ ᠤᠨ ᠲᠠᠪᠴᠠᠩ - ᠨᠡᠬᠦᠳᠡᠯ ᠮᠠᠯᠵᠢᠯ ᠤᠨ ᠪᠤᠯᠪᠠᠰᠤᠨ ᠵᠢᠴᠢ ᠤᠯᠠᠨ ᠵᠦᠢᠯ ᠤᠨ ᠰᠤᠶᠤᠯ ᠤᠨ ᠰᠤᠯᠢᠯᠴᠠᠭᠠᠨ ᠪᠠ ᠬᠦᠭ᠍ᠵᠢᠯᠳᠡ》 ᠰᠤᠳᠤᠯᠤᠨ ᠶᠠᠷᠢᠯᠴᠠᠬᠤ ᠬᠤᠷᠠᠯ ᠵᠡᠷᠬᠡ ᠠᠵᠢᠯᠯᠠᠭ᠎ᠠ ᠶᠢ ᠡᠷᠬᠢᠯᠡᠬᠦ ᠪᠡᠨ ᠪᠤᠯᠢᠬᠤ ᠪᠡᠷ ᠲᠤᠭᠳᠠᠭᠰᠠᠨ ᠪᠠᠶᠢᠨ᠎ᠠ᠃

    ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ  ᠡᠴᠡ ᠤᠶᠢᠯᠠᠭᠠᠭᠰᠠᠨ ᠢᠶᠡᠷ᠂ 7 ᠰᠠᠷ᠎ᠠ ᠶᠢᠨ 3 ᠤ ᠡᠳᠤᠷ ᠪᠤᠯᠳᠠᠯ᠎ᠠ᠂ ᠲᠦᠩᠯᠢᠶᠤᠤ ᠬᠤᠳᠠ ᠶᠢᠨ ᠲᠠᠷᠢᠮᠠᠯ ᠤᠨ ᠭᠠᠮᠰᠢᠭᠳᠠᠭᠰᠠᠨ ᠲᠠᠯᠠᠪᠠᠢ 925.58 ᠲᠦᠮᠡᠨ ᠮᠦ᠂ ᠡᠬᠦᠨ ᠳᠤ ᠬᠦᠨᠳᠤ ᠭᠠᠮᠰᠢᠭᠳᠠᠭᠰᠠᠨ ᠲᠠᠯᠠᠪᠠᠢ ᠨᠢ 538.51 ᠲᠦᠮᠡᠨ ᠮᠦ ᠳᠤ ᠬᠦᠷᠴᠤ᠂ 88.46 ᠲᠦᠮᠡᠨ ᠮᠦ ᠲᠠᠷᠢᠶ᠎ᠠ ᠬᠤᠷᠢᠶᠠᠯᠳᠠ ᠦᠭᠡᠢ ᠪᠤᠯᠪᠠ᠂ 92.80 ᠲᠦᠮᠡᠨ ᠮᠦ ᠲᠠᠷᠢᠶ᠎ᠠ ᠶᠢ ᠲᠠᠷᠢᠵᠤ ᠲᠡᠶᠢᠯᠦᠭᠰᠡᠨ ᠦᠭᠡᠢ᠃ ᠲᠠᠯ᠎ᠠ ᠨᠤᠳᠤᠭ ᠤᠨ ᠭᠠᠮᠰᠢᠭᠳᠠᠭᠰᠠᠨ ᠲᠠᠯᠠᠪᠠᠢ 3273 ᠲᠦᠮᠡᠨ ᠮᠦ᠂ ᠡᠬᠦᠨ ᠳᠤ ᠤᠷᠭᠤᠯᠳᠠ ᠦᠭᠡᠢ ᠪᠡᠷ ᠭᠠᠮᠰᠢᠭᠳᠠᠭᠰᠠᠨ ᠲᠠᠯᠠᠪᠠᠢ 1005 ᠲᠦᠮᠡᠨ ᠮᠦ᠂ ᠤᠷᠭᠤᠭᠠᠳ ᠬᠠᠳᠠᠭᠰᠠᠨ ᠲᠠᠯᠠᠪᠠᠢ 620 ᠲᠦᠮᠡᠨ ᠮᠦ᠂ ᠭᠠᠮᠰᠢᠭᠳᠠᠭᠰᠠᠠ ᠤᠢ ᠶᠢᠨ ᠲᠠᠯᠠᠪᠠᠢ  26.5 ᠲᠦᠮᠡᠨ ᠮᠦ ᠳᠤ ᠬᠦᠷᠴᠡᠢ᠃ ᠲᠦᠩᠯᠢᠶᠤᠤ ᠬᠤᠳᠠ ᠳᠤ ᠨᠡᠶᠢᠳᠡ 19999 ᠬᠦᠮᠦᠨ ᠤᠤᠭᠤᠬᠤ ᠤᠰᠤᠨ ᠤ ᠬᠦᠴᠢᠷᠳᠡᠯ ᠳᠤ ᠲᠤᠯᠭᠠᠷᠠᠵᠤ᠂ 105 ᠲᠦᠮᠡᠨ ᠮᠠᠯ  ᠤᠤᠭᠤᠬᠤ ᠤᠰᠤ ᠦᠭᠡᠢ ᠪᠠᠶᠢᠨ᠎ᠠ᠃

    ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠤᠬᠠᠭᠤᠯᠬᠤ ᠬᠡᠯᠳᠡᠰ ᠡᠴᠡ ᠤᠶᠢᠯᠠᠭᠠᠭᠰᠠᠨ ᠢᠶᠡᠷ᠂ ᠤᠳᠤ ᠪᠤᠯᠳᠠᠯ᠎ᠠ ᠨᠢᠬᠡᠨᠳᠡ 5 ᠰᠤᠮᠤ ᠪᠠᠯᠭᠠᠰᠤ 78 ᠭᠠᠴᠠᠭ᠎ᠠ ᠲᠤᠰᠬᠤᠨ (ᠲᠠᠯᠠᠪᠠᠢ) ᠳᠤ ᠭᠠᠩ ᠤᠨ ᠪᠠᠶᠢᠳᠠᠯ ᠢᠯᠡᠷᠡᠵᠤ᠂ 539.8 ᠲᠦᠮᠡᠨ ᠮᠦ ᠪᠡᠯᠴᠢᠭᠡᠷ ᠭᠠᠡᠭᠳᠠᠵᠦ᠂ 3.3 ᠲᠦᠮᠡᠨ ᠬᠦᠮᠦᠨ ᠪᠠ 28 ᠲᠦᠮᠡᠨ ᠮᠠᠯ ᠭᠠᠮᠰᠢᠭᠳᠠᠵᠠᠢ᠃ ᠡᠬᠦᠨ ᠤ ᠳᠠᠭᠠᠤ ᠨᠡᠶᠢᠳᠡ 110 ᠲᠦᠮᠡᠨ ᠮᠦ ᠪᠡᠯᠴᠢᠬᠡᠷ ᠴᠠᠷᠴᠠᠬᠠᠢ ᠶᠢᠨ ᠭᠠᠮᠰᠢᠭ ᠲᠤ ᠲᠠᠭᠠᠷᠢᠭᠳᠠᠵᠤ᠂ 80 ᠲᠦᠮᠡᠨ ᠮᠦ ᠪᠡᠯᠴᠢᠬᠡᠷ ᠨᠢ ᠬᠦᠨᠳᠤ ᠭᠠᠮᠰᠢᠭᠳᠠᠵᠠᠢ᠃

    ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠡᠴᠡ ᠤᠶᠢᠯᠠᠭᠠᠭᠰᠠᠨ ᠢᠶᠡᠷ᠂ ᠠᠪᠠᠭ᠎ᠠ ᠬᠤᠰᠢᠭᠤᠨ ᠤ ᠭᠠᠮᠰᠢᠭᠳᠠᠭᠰᠠᠨ ᠲᠠᠯᠠᠪᠠᠢ  3420.92 ᠲᠦᠮᠡᠨ ᠮᠦ ᠳᠤ ᠬᠦᠷᠴᠦ᠂ 71 ᠭᠠᠴᠠᠭᠠᠨ ᠤ 4458 ᠮᠠᠯᠵᠢᠬᠤ ᠡᠷᠦᠬᠡ ᠂ 129.9 ᠲᠦᠮᠡᠨ ᠮᠠᠯ ᠭᠠᠮᠰᠢᠬ ᠲᠤ ᠲᠠᠭᠠᠷᠢᠭᠳᠠᠵᠠᠢ᠃

    ᠦᠪᠦᠷ ᠮᠤᠩᠭᠤᠯ ᠤᠨ ᠭᠠᠩ ᠬᠠᠭᠰᠠᠷᠠᠭᠠᠨ ᠳᠤ ᠨᠦᠯᠦᠭᠡᠯᠡᠭᠳᠡᠭᠰᠡᠨ ᠭᠠᠵᠠᠷ ᠤᠷᠤᠨ ᠤ ᠵᠠᠰᠠᠭ ᠤᠨ ᠤᠷᠳᠤᠨ ᠠᠷᠠᠳ ᠲᠦᠮᠡᠨ ᠲᠠᠢ ᠪᠠᠨ ᠬᠠᠮᠳᠤᠪᠡᠷ ᠬᠦᠮᠦᠨ ᠤ ᠬᠦᠴᠦ᠂ ᠡᠳ᠋ ᠤᠨ ᠬᠦᠴᠦ ᠪᠠᠨ ᠲᠦᠪᠯᠡᠷᠡᠬᠦᠯᠦᠨ ᠭᠠᠩ ᠲᠠᠢ ᠲᠡᠮᠡᠴᠡᠨ ᠬᠤᠬᠢᠷᠠᠯ ᠢ ᠪᠠᠭᠠᠰᠬᠠᠬᠤ ᠶᠢ ᠲᠡᠷᠢᠬᠦᠨ ᠴᠢᠬᠤᠯᠠ ᠠᠵᠢᠯ ᠪᠤᠯᠭᠠᠨ ᠠᠳᠬᠤᠵᠤ᠂ ᠡᠯ᠎ᠡ ᠲᠦᠷᠦᠯ ᠤᠨ ᠠᠷᠭ᠎ᠠ ᠠᠪᠴᠠᠯ ᠢᠶᠡᠷ ᠰᠢᠨᠵᠢᠯᠡᠬᠦ ᠤᠬᠠᠭᠠᠨᠴᠢ ᠪᠡᠷ ᠭᠠᠩ ᠭᠠᠮᠰᠢᠭ ᠲᠠᠢ ᠲᠡᠮᠡᠴᠡᠵᠤ᠂ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ᠂ ᠢᠷᠭᠡᠳ ᠤᠨ ᠠᠮᠢᠵᠢᠷᠠᠭᠠᠨ ᠤ ᠲᠤᠭᠳᠠᠭᠤᠨ ᠪᠠᠶᠢᠬᠤ ᠶᠢ ᠪᠠᠳᠤᠯᠠᠬᠤ ᠪᠠᠷ ᠴᠢᠷᠮᠠᠶᠢᠵᠤ ᠪᠠᠶᠢᠨ᠎ᠠ᠃

    ᠲᠤᠷᠠᠳᠤᠭᠤᠰᠢᠳᠠᠢ ᠨᠢ᠂ ᠡᠯ᠎ᠡ ᠬᠤᠰᠢᠭᠤ ᠨᠤᠳᠤᠭ ᠤᠨ ᠨᠠᠶᠢᠷ ᠨᠠᠭᠠᠳᠤᠮ ᠤᠨ ᠠᠵᠢᠯᠯᠠᠭ᠎ᠠ ᠦᠷᠨᠢᠬᠦᠯᠬᠦ ᠪᠡᠨ ᠪᠤᠯᠢᠭᠰᠠᠨ ᠮᠡᠳᠡᠭᠳᠡᠯ ᠢ ᠲᠤᠰ ᠨᠤᠳᠤᠭ ᠤᠨ ᠬᠢᠨᠢ ᠠᠷᠠᠳ ᠢᠷᠭᠡᠳ᠂ ᠮᠠᠯᠴᠢᠨ ᠲᠠᠷᠢᠶᠠᠴᠢᠳ ᠮᠠᠰᠢ ᠰᠠᠶᠢᠬᠠᠨ ᠬᠦᠯᠢᠶᠡᠨ ᠠᠪᠴᠤ ᠪᠠᠶᠢᠨ᠎ᠠ᠂ ᠡᠬᠦᠨ ᠡᠴᠡ ᠮᠠᠯᠴᠢᠨ ᠲᠠᠷᠢᠶᠠᠴᠢᠳ ᠤᠨ ᠨᠤᠳᠤᠭ ᠪᠡᠯᠴᠢᠭᠡᠷ ᠢᠶᠡᠨ ᠤᠯᠠᠮ ᠰᠠᠶᠢᠵᠢᠷᠠᠭᠤᠯᠤᠬᠤ ᠶᠢᠨ ᠲᠦᠯᠦᠬᠡ᠂ ᠨᠤᠳᠤᠭ ᠤᠰᠤᠨ ᠤ ᠪᠠᠨ ᠰᠠᠶᠢᠨ ᠰᠠᠶᠢᠬᠠᠨ ᠢᠷᠡᠭᠡᠳᠤᠢ ᠶᠢᠨ ᠲᠦᠯᠦᠬᠡ ᠰᠠᠨᠠᠭᠠᠰᠢᠷᠠᠵᠤ ᠪᠠᠶᠢᠬᠤ ᠶᠢ ᠮᠡᠳᠡᠵᠦ ᠪᠤᠯᠤᠨ᠎ᠠ᠃

ᠢᠷᠡᠯᠳᠡ᠄ ᠰᠢᠨᠬᠤᠸᠠ ᠮᠤᠩᠭᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121281341