蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠩᠬᠠᠳᠠᠭᠴᠢ ᠨᠢᠰᠬᠦ ᠤᠩᠭ᠋ᠤᠴᠠᠨ ᠤ ᠪᠠᠭᠤᠳᠠᠯ ᠤᠨ ᠴᠠᠬᠢᠯᠭᠠᠨ ᠭᠦᠳᠡᠯᠭᠡᠭᠦᠷᠲᠤ ᠮᠠᠰᠢᠨ ᠲᠡᠷᠭᠡ ᠶᠢᠨ ᠴᠠᠬᠢᠯᠭᠠᠨ ᠴᠡᠨᠡᠭᠯᠡᠬᠦ ᠦᠷᠲᠡᠭᠡ ᠤᠷᠳᠤᠰ ᠤᠨ ᠤᠯᠠᠨ ᠤᠯᠤᠰ ᠤᠨ ᠨᠢᠰᠬᠦ ᠤᠩᠭ᠋ᠤᠴᠠᠨ ᠤ ᠪᠠᠭᠤᠳᠠᠯ ᠳᠤ ᠠᠰᠢᠭᠯᠠᠯᠲᠠ ᠳᠤ ᠤᠷᠤᠪᠠ

2017-07-08 13:06

    7 ᠰᠠᠷ᠎ᠠ ᠶᠢᠨ 6 ᠤ ᠡᠳᠦᠷ᠂ ᠤᠷᠳᠤᠰ ᠤᠨ ᠤᠯᠠᠨ ᠤᠯᠤᠰ ᠤᠨ ᠨᠢᠰᠬᠦ ᠤᠩᠭ᠋ᠤᠴᠠᠨ ᠤ ᠪᠠᠭᠤᠳᠠᠯ ᠪᠤᠯᠤᠨ ᠦᠪᠦᠷ ᠮᠣᠩᠭᠣᠯ ᠤᠨ ᠳ᠋ᠦᠩ ᠴᠠᠩ ᠡᠷᠴᠢᠮ ᠬᠦᠴᠦ ᠨᠡᠭᠡᠭᠡᠨ ᠠᠰᠢᠭᠯᠠᠬᠤ ᠬᠢᠵᠠᠭᠠᠷᠲᠤ ᠺᠤᠮᠫᠠᠨᠢ ᠬᠠᠮᠲᠤᠷᠠᠨ ᠪᠠᠶᠢᠭᠤᠯᠤᠭᠰᠠᠨ ᠴᠠᠬᠢᠯᠭᠠᠨ ᠭᠦᠳᠡᠯᠭᠡᠭᠦᠷᠲᠤ ᠮᠠᠰᠢᠨ ᠲᠡᠷᠭᠡ ᠶᠢᠨ ᠴᠠᠬᠢᠯᠭᠠᠨ ᠴᠡᠨᠡᠭᠯᠡᠬᠦ ᠦᠷᠲᠡᠭᠡ ᠠᠯᠪᠠᠨ ᠶᠤᠰᠤᠭᠠᠷ ᠠᠰᠢᠭᠯᠠᠯᠲᠠ ᠳᠤ ᠤᠷᠤᠪᠠ᠂ ᠡᠨᠡ ᠨᠢ ᠦᠪᠦᠷ ᠮᠣᠩᠭᠣᠯ ᠤᠨ ᠠᠩᠬᠠᠳᠠᠭᠴᠢ ᠨᠢᠰᠬᠦ ᠤᠩᠭ᠋ᠤᠴᠠᠨ ᠤ ᠪᠠᠭᠤᠳᠠᠯ ᠤᠨ ᠴᠠᠬᠢᠯᠭᠠᠨ ᠭᠦᠳᠡᠯᠭᠡᠭᠦᠷᠲᠤ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠦᠷᠲᠡᠭᠡ ᠪᠤᠯᠤᠨ᠎ᠠ᠃

    ᠴᠠᠬᠢᠯᠭᠠᠨ ᠭᠦᠳᠡᠯᠭᠡᠭᠦᠷᠲᠤ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠦᠷᠲᠡᠭᠡ ᠨᠢ ᠨᠢᠰᠬᠦ ᠤᠩᠭ᠋ᠤᠴᠠᠨ ᠤ ᠪᠠᠭᠤᠳᠠᠯ ᠤᠨ ᠨᠡᠶᠢᠭᠡᠮ ᠤᠨ ᠮᠠᠰᠢᠨ ᠲᠡᠷᠭᠡᠨ ᠤ ᠵᠤᠭᠰᠤᠭᠠᠯ ᠤᠨ ᠤᠷᠤᠬᠤ ᠡᠭᠦᠳᠡᠨ ᠳᠤ ᠪᠠᠶᠢᠷᠢᠯᠠᠵᠤ᠂ 15 ᠰᠠᠭᠤᠷᠢ ᠴᠠᠬᠢᠯᠭᠠᠨ ᠴᠡᠨᠡᠭᠯᠡᠬᠦ ᠮᠠᠰᠢᠨ ᠲᠠᠢ᠂ 8 ᠴᠢᠭᠡ ᠭᠦᠶᠦᠳᠡᠯᠲᠤ ᠬᠤᠷᠳᠤᠨ ᠴᠡᠨᠡᠭᠯᠡᠬᠦ ᠮᠠᠰᠢᠨ ᠪᠤᠯᠤᠨ 7 ᠰᠤᠯᠢᠯᠴᠠᠭᠠᠨ ᠤ ᠤᠳᠠᠭᠠᠨ ᠴᠡᠨᠡᠭᠯᠡᠬᠦ ᠮᠠᠰᠢᠨ ᠲᠤᠬᠢᠷᠠᠭᠤᠯᠵᠤ᠂ 23 ᠴᠠᠬᠢᠯᠭᠠᠨ ᠭᠦᠳᠡᠯᠭᠡᠭᠦᠷᠲᠤ ᠮᠠᠰᠢᠨ ᠲᠡᠷᠭᠡ ᠵᠡᠷᠭᠡ ᠪᠡᠷ ᠴᠡᠨᠡᠭᠯᠡᠵᠤ ᠪᠤᠯᠤᠨ᠎ᠠ᠃ ᠲᠤᠰ ᠲᠦᠰᠦᠯ ᠤᠨ ᠪᠦᠲᠦᠭᠡᠨ ᠪᠠᠶᠢᠭᠤᠯᠤᠯᠲᠠ ᠨᠢ 3 ᠬᠤᠭᠤᠴᠠᠭ᠎᠎ᠠ ᠬᠤᠪᠢᠶᠠᠨ ᠶᠠᠪᠤᠭᠳᠠᠨ᠎ᠠ᠂ ᠲᠤᠰ ᠤᠳᠠᠭᠠᠨ ᠤ ᠠᠰᠢᠭᠯᠠᠯᠲᠠ ᠳᠤ ᠤᠷᠤᠭᠰᠠᠨ ᠨᠢ ᠨᠢᠭᠡᠳᠦᠭᠡᠷ ᠬᠤᠭᠤᠴᠠᠭᠠᠨ ᠤ ᠲᠦᠰᠦᠯ ᠪᠤᠯᠤᠨ᠎ᠠ᠃ ᠡᠭᠦᠨ ᠳᠤ᠂ ᠨᠢᠭᠡ ᠰᠠᠭᠤᠷᠢ ᠴᠢᠭᠡ ᠬᠦᠶᠦᠳᠡᠯᠳᠤ ᠬᠤᠷᠳᠤᠨ ᠴᠡᠨᠡᠭᠯᠡᠬᠦ ᠮᠠᠰᠢᠨ ᠪᠤᠯᠤᠨ 2 ᠰᠠᠭᠤᠷᠢ ᠰᠤᠯᠢᠯᠴᠠᠭᠠᠨ ᠤ ᠤᠳᠠᠭᠠᠨ ᠴᠡᠨᠡᠭᠯᠡᠬᠦ ᠮᠠᠰᠢᠨ ᠪᠠᠭᠲᠠᠵᠤ᠂ ᠴᠢᠭᠡ ᠬᠦᠶᠦᠳᠡᠯᠳᠤ ᠬᠤᠷᠳᠤᠨ ᠴᠡᠨᠡᠭᠯᠡᠯ ᠨᠢ 20 ᠡᠴᠡ 30 ᠮᠢᠨᠦ᠋ᠲ ᠲᠤ 80% ᠡᠴᠡ ᠳᠡᠭᠡᠭ᠍ᠰᠢ ᠴᠡᠬᠢᠯᠭᠠᠨ ᠴᠡᠨᠡᠭᠯᠡᠨ᠎ᠠ᠃ ᠬᠡᠷᠡᠭᠯᠡᠭᠴᠢ ᠴᠡᠨᠡᠭᠯᠡᠬᠦ ᠦᠶᠡᠰ ᠺᠠᠷᠲ ᠂ ᠸᠢᠴᠠᠲ᠂ ᡁᠢ ᠹᠦ᠋ ᠪᠤᠤ ᠵᠡᠷᠭᠡ ᠤᠯᠠᠨ ᠵᠦᠢᠯ ᠤᠨ ᠲᠦᠯᠦᠪᠦᠷᠢ ᠶᠢᠨ ᠠᠷᠭ᠎ᠠ ᠪᠠᠷᠢᠯ ᠢᠶᠡᠷ ᠲᠤᠭᠠᠴᠠᠭ᠎ᠠ ᠬᠢᠵᠤ ᠪᠤᠯᠬᠤ ᠪᠡᠷ ᠪᠠᠷᠠᠬᠤ ᠦᠭᠡᠢ ᠤᠷᠢᠳᠴᠢᠯᠠᠨ ᠪᠤᠯᠵᠤᠨ ᠴᠠᠬᠢᠯᠭᠠᠨ ᠴᠡᠨᠡᠭᠯᠡᠵᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121286204