蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ 84 ᠳ᠋ᠤᠭᠡᠷ ᠬᠤᠭᠤᠴᠠᠭᠠᠨ ᠤ ᠤᠳᠤᠷᠢᠳᠬᠤ ᠺᠠᠲᠷᠴᠤᠳ ᠤᠨ ᠭᠠᠷᠠᠭ ᠤᠨ ᠠᠮᠠᠷᠠᠯᠲᠠ ᠶᠢᠨ ᠲᠠᠶᠢᠯᠤᠮᠵᠢ ᠡᠷᠬᠢᠯᠡᠪᠡ

2017-07-09 13:36

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲ᠋ᠤᠤᠱᠯᠠᠭᠤᠯᠤᠨ ᠨᠡᠢᠢᠳᠡᠪᠦᠷᠢᠵᠢᠭᠤᠯᠵᠤ᠂ 《ᠲ᠋ᠤᠯᠤᠭᠠᠨ ᠲ᠋ᠤᠤᠷ ᠲ᠋ᠤᠯᠤᠭᠠᠨ ᠠᠵᠤ ᠦᠢᠯᠡᠰ》 ᠤᠨ ᠪᠦᠳᠦᠭᠡᠨ ᠪᠠᠢᠢᠭᠤᠯᠤᠯᠳᠠ ᠶᠢ ᠲ᠋ᠦᠷᠭᠡᠳᠭᠡᠨ ᠠᠬᠢᠭᠤᠯᠬᠤ ᠶᠢᠨ ᠲ᠋ᠦᠯᠦᠭᠡ᠂ 7 ᠰᠠᠷ᠎ᠠ ᠶᠢᠨ8 ᠤ ᠡᠳᠦᠷ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ 84 ᠳ᠋ᠤᠭᠡᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠭᠠᠷᠠᠭ ᠤᠨ ᠠᠮᠠᠷᠠᠯᠳᠠ ᠵᠢᠨ ᠲ᠋ᠠᠢᠢᠯᠦᠮᠵᠢ ᠡᠷᠬᠢᠯᠡᠵᠦ᠂ ᠮᠠᠨ ᠤ ᠤᠯᠤᠰ ᠤᠨ ᠮᠡᠳᠡᠭᠡ ᠵᠠᠩᠬᠢ ᠵᠢᠨ ᠬᠠᠮᠢᠶᠠᠷᠤᠯᠳᠠ ᠵᠢᠨ ᠨᠡᠷᠡᠳᠦ ᠲ᠋ᠤᠰᠬᠠᠢ ᠮᠡᠷᠭᠡᠵᠢᠯᠳᠡᠨ ᠲ᠋ᠦ᠋ ᠽᠢ ᠫᠸᠢ ᠶᠢ ᠤᠷᠢᠨ《ᠲ᠋ᠤᠮᠤ ᠳ᠋ᠠᠢᠢᠲ᠋ᠠ ᠵᠢᠨ ᠰᠡᠳᠬᠢᠭᠦᠢ ᠬᠢᠭᠡᠳ ᠬᠤᠳᠠ ᠶᠢ ᠵᠠᠰᠠᠬᠤ ᠴᠢᠳᠠᠪᠤᠷᠢ ᠶᠢᠨ ᠤᠳᠤᠬᠢᠴᠢᠯᠡᠯᠳᠡ》ᠬᠡᠭᠦ ᠲ᠋ᠤᠰᠬᠠᠢ ᠰᠡᠳᠦᠪ ᠢᠶᠡᠷ ᠮᠡᠳᠡᠭᠦᠯᠦᠯᠳᠡ ᠬᠢᠯᠭᠡᠵᠡᠢ᠃

    ᠲ᠋ᠦ᠋ ᠽᠢ ᠫᠸᠢ ᠠᠪᠣᠭᠠᠢ ᠣᠣᠯ ᠳ᠋ᠠᠭᠠᠨ ᠠᠯᠢ ᠪᠠ ᠪᠠ ᠪᠦᠯᠦᠭᠯᠡᠯ ᠤᠨ ᠳᠡᠳ᠋ ᠶᠡᠷᠦᠩᠬᠡᠢ ᠵᠠᠬᠢᠷᠣᠭᠴᠢ ᠪᠠᠢᠢᠵᠠᠢ᠂ ᠣᠷᠢᠳ ᠬᠣᠵᠢᠳ ᠵᠦᠩ ᠨᠠᠨ ᠪᠦᠳᠦᠭᠡᠨ ᠪᠠᠢᠢᠭᠣᠯᠣᠯᠳᠠ ᠵᠢᠨ ᠪᠦᠯᠦᠭᠯᠡᠯ᠂ ᠠᠷᠠᠳ ᠤᠨ ᠰᠦᠯᠵᠢᠶ᠎ᠠ ᠵᠡᠷᠭᠡ ᠣᠯᠠᠨ ᠺᠣᠮᠫᠠᠨᠢ ᠵᠢᠨ ᠪᠡᠶ᠎ᠠ ᠪᠠᠨ ᠳᠠᠭᠠᠭᠠᠭᠰᠠᠨ ᠬᠡᠷᠡᠭ ᠮᠡᠳᠡᠭᠴᠢ ᠵᠢᠨ ᠳᠣᠰᠢᠶᠠᠯ ᠢ ᠡᠭᠦᠷᠭᠡᠯᠡᠵᠡᠢ᠃ ᠠᠮᠸᠷᠢᠺᠠ ᠳ᠋ᠦ ᠪᠠᠢᠢᠭᠰᠠᠨ ᠬᠣᠭᠣᠴᠠᠭᠠᠨ ᠳ᠋ᠠᠭᠠᠨ᠂ ᠵᠦᠭᠡᠯᠡᠨ ᠳᠣᠨᠣᠭ ᠤᠨ ᠺᠣᠮᠫᠠᠨᠢ ᠵᠢᠨ ᠳᠣᠭ᠎ᠠ ᠪᠠᠷᠢᠮᠳᠠ ᠵᠢᠨ ᠲᠦᠪ ᠤᠨ ᠡᠷᠬᠢᠯᠡᠭᠴᠢ ᠂ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠬᠡᠷᠡᠭ ᠶᠠᠪᠣᠳᠠᠯ ᠤᠨ ᠶᠡᠷᠦᠩᠬᠡᠢ ᠬᠢᠨᠠᠭᠴᠢ᠂ ᠳᠡᠷᠢᠭᠦᠨ ᠰᠣᠳᠣᠯᠣᠭᠴᠢ ᠵᠡᠷᠭᠡ ᠳᠣᠰᠢᠶᠠᠯ ᠢ ᠡᠭᠦᠷᠭᠡᠯᠡᠵᠦ ᠪᠠᠢᠢᠪᠠ᠃ ᠳᠡᠭᠦᠨ ᠤ ᠨᠡᠢᠢᠳᠡᠯᠡᠭᠰᠡᠨ《ᠳᠣᠮᠣ ᠳ᠋ᠠᠢᠢᠲ᠋ᠠ》᠂《ᠳ᠋ᠠᠢᠢᠲ᠋ᠠ ᠵᠢᠨ ᠣᠷᠭᠢᠯ》ᠵᠡᠷᠭᠡ ᠬᠣᠶᠠᠷ ᠪᠦᠳᠦᠭᠡᠯ ᠳ᠋ᠡᠬᠢ ᠮᠠᠰᠢ ᠣᠯᠠᠨ ᠦᠵᠡᠯᠳᠡ ᠨᠢ ᠳᠣᠮᠣ ᠳ᠋ᠠᠢᠢᠲ᠋ᠠ ᠵᠢᠨ ᠠᠵᠣ ᠦᠢᠯᠡᠰ ᠤᠨ ᠬᠦᠭ᠍ᠵᠢᠯᠳᠡ ᠵᠢ ᠬᠦᠳᠦᠯᠦᠨ ᠵᠢᠯᠣᠭᠣᠳᠬᠣ ᠦᠢᠯᠡᠳᠦᠯ ᠦᠵᠡᠭᠦᠯᠵᠡᠢ᠃ ᠳᠡᠷᠡᠪᠡᠷ ᠲ᠋ᠡᠯᠡᠬᠡᠢ ᠵᠢᠨ ᠬᠠᠷᠠᠴᠠ ᠪᠠ ᠤᠷᠢᠳᠴᠢᠯᠠᠬᠰᠠᠨ ᠰᠡᠳᠬᠢᠭᠦᠢ ᠪᠡᠷ ᠤᠷᠤᠨ ᠳᠠᠶᠠᠭᠠᠷ ᠤᠨ ᠤᠳᠤᠷᠢᠳᠬᠤ ᠺᠠᠳ᠋ᠷᠴᠤᠳ ᠲ᠋ᠤ ᠳ᠋ᠠᠢᠢᠲ᠋ᠠ ᠵᠢᠨ ᠬᠤᠪᠢᠰᠬᠠᠯ ᠢ ᠲᠠᠶᠢᠯᠪᠤᠷᠢᠯᠠᠨ ᠶᠠᠷᠢᠵᠠᠢ᠃ ᠲ᠋ᠠᠢᠢᠯᠦᠮᠵᠢ ᠶᠢᠨ ᠮᠡᠳᠡᠭᠡ ᠵᠠᠩᠬᠢ ᠶᠢᠨ ᠬᠡᠮᠵᠢᠶ᠎ᠠ ᠮᠠᠰᠢ ᠶᠡᠭᠡ᠂ ᠬᠡᠷᠡᠭ ᠤᠨ ᠵᠢᠱᠢᠶ᠎ᠠ ᠨᠢ ᠠᠮᠢᠳᠤᠯᠢᠭ ᠬᠦᠴᠦᠨ ᠲ᠋ᠠᠢ᠂ ᠠᠭᠤᠯᠭ᠎ᠠ ᠨᠢ ᠪᠠᠶᠠᠯᠢᠭ ᠪᠤᠳᠠᠳᠠᠢ ᠪᠦᠭᠡᠳ ᠮᠠᠰᠢ ᠴᠢᠩᠭ᠋᠎ᠠ ᠵᠢᠯᠤᠭᠤᠳᠬᠤ ᠴᠢᠨᠠᠷ᠂ ᠴᠢᠭᠯᠡᠭᠦᠯᠦᠯᠳᠦ ᠴᠢᠨᠠᠷ ᠪᠠ ᠦᠢᠯᠡᠳᠦᠯᠭᠡᠳᠦ ᠴᠢᠨᠠᠷ ᠲ᠋ᠠᠢ ᠪᠠᠢᠢᠵᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲ᠋ᠤᠮᠤ ᠳ᠋ᠠᠢᠢᠲ᠋ᠠ ᠶᠢᠨ ᠠᠵᠤ ᠦᠢᠯᠡᠰ ᠤᠨ ᠬᠦᠭ᠍ᠵᠢᠯᠳᠡ ᠳ᠋ᠤ ᠬᠦᠨᠵᠡᠭᠡᠢ ᠰᠡᠩᠬᠡᠷᠡᠭᠦᠯᠦᠯ ᠪᠤᠯᠤᠨ ᠲ᠋ᠤᠯᠢ ᠪᠤᠯᠵᠠᠢ᠃

    ᠬᠤᠷᠠᠯ ᠡᠴᠡ᠂ ᠦᠷᠭᠡᠨ ᠤᠯᠠᠨ ᠤᠳᠤᠷᠢᠳᠬᠤ ᠺᠠᠳ᠋ᠷᠴᠤᠳ ᠲ᠋ᠠᠢᠢᠯᠦᠮᠵᠢ ᠵᠢᠨ ᠠᠭᠤᠯᠭ᠎ᠠ ᠵᠢ ᠬᠢᠨᠠᠮᠠᠭᠠᠢ ᠰᠤᠷᠤᠯᠴᠠᠵᠤ᠂ ᠲ᠋ᠤᠮᠤ ᠳ᠋ᠠᠢᠢᠲ᠋ᠠ ᠵᠢᠨ ᠰᠡᠳᠬᠢᠭᠦᠢ ᠶᠢ ᠦᠨᠡᠨᠭᠦ ᠪᠤᠢ ᠪᠤᠯᠭᠠᠨ᠂ ᠲ᠋ᠤᠮᠤ ᠳ᠋ᠠᠢᠢᠲ᠋ᠠ ᠶᠢ ᠬᠡᠷᠡᠭᠯᠡᠭᠦ ᠴᠢᠳᠠᠪᠤᠷᠢ ᠪᠠᠨ ᠴᠢᠨᠠᠬᠰᠢᠳᠠ ᠲ᠋ᠡᠭᠡᠭ᠍ᠰᠢᠯᠡᠭᠦᠯᠵᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲ᠋ᠤᠮᠤ ᠳ᠋ᠠᠢᠢᠲ᠋ᠠ ᠵᠢᠨ ᠠᠵᠤ ᠦᠢᠯᠡᠰ ᠤᠨ ᠬᠦᠨᠵᠡᠭᠡᠢᠢᠷᠡᠨ ᠬᠦᠭ᠍ᠵᠢᠭᠦ ᠵᠢ ᠲ᠋ᠠᠰᠤᠷᠠᠯᠳᠠ ᠦᠭᠡᠢ ᠠᠬᠢᠭᠤᠯᠬᠤ ᠬᠡᠷᠡᠭᠳᠡᠢ ᠭᠡᠵᠦ ᠱᠠᠭᠠᠷᠳᠠᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠢᠢᠭᠤᠯᠤᠯᠭ᠎ᠠ᠂ ᠬᠡᠰᠡᠭ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠵᠢᠨ ᠭᠠᠵᠠᠷ ᠤᠨ ᠲ᠋ᠡᠰ ᠡᠴᠡ ᠲ᠋ᠡᠭᠡᠭ᠍ᠰᠢᠬᠢ ᠺᠠᠳ᠋ᠷᠴᠤᠳ ᠬᠦᠬᠡᠬᠤᠳᠠ ᠵᠢᠨ ᠭᠤᠤᠯ ᠬᠤᠷᠠᠯ ᠤᠨ ᠲ᠋ᠠᠯᠠᠪᠠᠢ ᠳ᠋ᠤ ᠲ᠋ᠠᠢᠢᠯᠦᠮᠵᠢ ᠶᠢ ᠰᠤᠨᠤᠰᠴᠤ᠂ ᠡᠯ᠎ᠠ ᠠᠢᠢᠮᠠᠭ ᠬᠤᠳᠠ᠂ ᠬᠤᠰᠢᠭᠤ ᠰᠢᠶᠠᠨ(ᠬᠤᠳᠠ ᠲ᠋ᠤᠭᠤᠷᠢᠭ) ᠳ᠋ᠤ ᠸ᠋ᠢᠳᠢᠣ᠋ ᠬᠤᠪᠢᠶᠠᠷᠢ ᠬᠤᠷᠠᠯ ᠤᠨ ᠲ᠋ᠠᠯᠠᠪᠠᠢ ᠭᠠᠷᠭᠠᠵᠠᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121289111