蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠪᠤᠭᠤᠲᠤ ᠬᠤᠲᠠ ᠶᠢᠨ ᠵᠠᠯᠠᠭᠤᠴᠤᠳ ᠪᠠᠭᠠᠴᠤᠳ ᠤᠨ ᠬᠦᠭ᠍ᠵᠢᠯᠲᠠ ᠶᠢᠨ ᠲᠦᠪ ᠨᠡᠭᠡᠭᠡᠯᠲᠡ ᠪᠡᠨ ᠬᠢᠪᠠ

2017-07-09 13:36

7 ᠰᠠᠷ᠎ᠠ ᠶᠢᠨ 8 ᠤ ᠡᠳᠦᠷ᠂ ᠬᠤᠲᠠ ᠶᠢᠨ ᠢᠷᠭᠡᠳ ᠪᠤᠭᠤᠲᠤ ᠬᠤᠲᠠ ᠶᠢᠨ ᠵᠠᠯᠠᠭᠤᠴᠤᠳ ᠪᠠᠭᠠᠴᠤᠳ ᠤᠨ ᠬᠦᠭ᠍ᠵᠢᠯᠲᠠ ᠶᠢᠨ ᠲᠦᠪ ᠤᠨ ᠰᠢᠨᠬᠤᠸᠠ ᠨᠤᠮ ᠤᠨ ᠳᠡᠯᠭᠡᠭᠦᠷ ᠲᠤ ᠨᠤᠮ ᠤᠩᠰᠢᠵᠤ ᠪᠠᠶᠢᠭ᠎ᠠ ᠨᠢ

    ᠲᠤᠬᠠᠢ ᠶᠢᠨ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠤᠭᠤᠲᠤ ᠬᠤᠲᠠ ᠶᠢᠨ ᠵᠠᠯᠠᠭᠤᠴᠤᠳ ᠪᠠᠭᠠᠴᠤᠳ ᠤᠨ ᠬᠦᠭ᠍ᠵᠢᠯᠲᠠ ᠶᠢᠨ ᠲᠦᠪ ᠠᠯᠪᠠᠨ ᠶᠤᠰᠤᠭᠠᠷ ᠨᠡᠭᠡᠭᠡᠯᠲᠡ ᠪᠡᠨ ᠬᠢᠪᠠ᠃ ᠲᠤᠰ ᠲᠦᠪ ᠨᠢ ᠤᠬᠢ ᠰᠠᠶᠢᠨ ᠰᠤᠷᠭᠠᠨ ᠬᠦᠮᠦᠵᠢᠯ ᠤᠨ ᠡᠬᠢ ᠰᠤᠷᠪᠤᠯᠵᠢ ᠪᠤᠯᠤᠨ ᠲᠡᠷᠢᠭᠦᠨ ᠤ ᠲᠤᠨᠤᠭ ᠲᠦᠬᠦᠭᠡᠷᠦᠮᠵᠢ ᠶᠢ ᠤᠷᠤᠭᠤᠯᠵᠤ᠂ ᠬᠡᠤᠬᠡᠳ ᠪᠠᠭᠠᠴᠤᠳ ᠤᠨ ᠠᠵᠢᠯ ᠮᠡᠷᠭᠡᠵᠢᠯ ᠤᠨ ᠤᠶᠢᠯᠠᠭᠠᠯᠲᠠ ᠶᠢᠨ ᠤᠷᠳᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠭᠯᠠᠭᠠᠮ ᠤᠨ ᠤᠷᠳᠤᠨ᠂ ᠰᠢᠨᠬᠤᠸᠠ ᠨᠤᠮ ᠤᠨ ᠳᠡᠯᠭᠡᠭᠦᠷ᠂ ᠵᠦᠴᠦᠭᠡ ᠶᠢᠨ ᠲᠠᠯᠠᠪᠤᠷ᠂ ᠤᠯᠠᠨ ᠤᠯᠤᠰ ᠤᠨ ᠬᠡᠯᠡ ᠶᠠᠷᠢᠶᠠᠨ ᠤ ᠲᠦᠪ ᠵᠡᠷᠭᠡ 10 ᠭᠠᠷᠤᠢ ᠲᠦᠷᠦᠯ ᠵᠦᠢᠯ ᠢ ᠠᠭᠤᠯᠵᠤ ᠪᠠᠶᠡᠴᠢᠯᠡᠨ ᠤᠶᠢᠯᠠᠭᠠᠬᠤ᠂ ᠭᠡᠷ ᠪᠦᠯᠢᠴᠢᠯᠡᠭᠰᠡᠨ᠂ ᠨᠢᠭᠡ ᠦᠷᠲᠡᠭᠡᠴᠢᠯᠡᠭᠰᠡᠨ ᠰᠤᠷᠭᠠᠨ ᠬᠦᠮᠦᠵᠢᠯ᠂ ᠨᠠᠭᠠᠳᠤᠮ ᠲᠤᠭᠯᠠᠭᠠᠮ᠂ ᠬᠤᠭᠤᠯᠠ ᠤᠮᠲᠠ ᠵᠡᠷᠭᠡ ᠤᠶᠢᠯᠠᠴᠢᠯᠡᠭᠡ ᠬᠠᠩᠭ᠋ᠠᠨ᠎ᠠ᠃ ᠲᠤᠰ ᠲᠦᠪ ᠤᠨ ᠶᠡᠷᠦᠩᠬᠡᠢ ᠬᠦᠷᠦᠩᠭᠡ ᠤᠷᠤᠭᠤᠯᠤᠯᠲᠠ ᠨᠢ 6 ᠳ᠋ᠦᠩᠰᠢᠭᠤᠷ ᠲᠦᠬᠦᠷᠢᠭ᠌ ᠲᠤ ᠬᠦᠷᠴᠤ᠂ ᠭᠡᠷ ᠤᠨ ᠳᠤᠷᠤᠷᠠᠬᠢ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 4.5 ᠲᠦᠮᠡᠨ ᠭᠦᠸᠠᠳ᠋ ᠮᠸᠲ᠋ᠷ ᠪᠠᠶᠢᠵᠤ᠂ ᠡᠳᠦᠷ ᠲᠤ ᠲᠠᠪᠬᠤᠷᠳᠠᠭᠰᠠᠨ ᠲᠤᠭ᠎ᠠ ᠪᠡᠷ 1.5 ᠲᠦᠮᠡᠨ ᠬᠦᠮᠦᠨ ᠬᠦᠯᠢᠶᠡᠨ ᠠᠪᠬᠤ ᠴᠢᠳᠠᠮᠵᠢ ᠲᠠᠢ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠶᠠ ᠯᠢ ᠵᠢᠶᠦ᠋ᠨ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121289121