蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠲᠠᠯᠠᠨ ᠵᠢᠯ ᠤᠨ ᠤᠢ ᠶ᠋ᠢ ᠪᠡᠯᠬᠡᠯᠡᠬᠦ ᠨᠠᠭᠠᠳᠤᠮ ᠤᠨ ᠲᠠᠯᠠᠪᠠᠢ ᠶᠠᠮᠠᠷ ᠭᠤᠶᠤ ᠪᠤᠢ

2017-07-11 11:46

    ᠦᠪᠦᠷ ᠮᠤᠩᠭ᠋ᠤᠯ ᠤᠨ ᠲᠠᠯᠠᠨ ᠵᠢᠯ ᠤᠨ ᠤᠢ ᠶ᠋ᠢ ᠪᠡᠯᠬᠡᠯᠡᠬᠦ ᠨᠠᠶᠢᠷ ᠤᠨ ᠭᠤᠤᠯ ᠲᠠᠯᠠᠪᠠᠢ ᠪᠤᠯᠬᠤ ᠦᠪᠦᠷ ᠮᠤᠩᠭᠤᠯ ᠤᠨ ᠴᠦ᠋ᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠰᠤᠶᠤᠯ ᠪᠡᠶ᠎ᠡ ᠶ᠋ᠢᠨ ᠲᠠᠮᠢᠷ ᠤᠨ ᠬᠦᠳᠡᠯᠬᠡᠬᠡᠨ ᠤ ᠲᠦᠪ ᠬᠦᠬᠡᠬᠤᠳᠠ ᠶ᠋ᠢᠨ ᠰᠢᠨ᠎ᠡ ᠲᠤᠭᠤᠷᠢᠭ ‍ᠤᠨ ᠪᠤᠷᠤ ᠬᠤᠰᠢᠭᠤ ᠪᠠᠯᠭᠠᠰᠤᠨ ᠤ ᠢᠮᠠᠭᠠᠳᠤ ᠲᠤᠰᠬᠤᠨ ᠤ ᠡᠮᠦᠨ᠎ᠡ ᠪᠡᠶ᠎ᠡ ᠳ᠋ᠤ ᠪᠠᠶᠢᠷᠢᠯᠠᠵᠦ ᠪᠠᠶᠢᠭ᠎ᠠ ᠪᠦᠭᠡᠳ ᠬᠤᠶᠢᠰᠢ ᠪᠠᠨ ᠲᠠᠯᠠᠨ ᠬᠠᠷ᠎ᠠ ᠠᠭᠤᠯᠠ ᠶ᠋ᠢᠨ ᠡᠮᠦᠨ᠎ᠡ ᠪᠡᠯ ᠤᠨ ᠠᠮᠢ ᠠᠬᠤᠢ ᠶ᠋ᠢᠨ ᠵᠠᠮ ᠲᠠᠢ ᠨᠡᠶᠢᠯᠡᠵᠦ᠂ ᠡᠮᠦᠨᠡᠰᠢ ᠪᠠᠨ G6 ᠬᠤᠷᠳᠤᠨ ᠤ ᠵᠠᠮ ᠳ᠋ᠤ ᠵᠠᠯᠭᠠᠯᠳᠤᠵᠦ᠂ ᠪᠠᠶᠢᠭᠠᠯᠢ ᠶ᠋ᠢᠨ ᠦᠩᠬᠡ ᠦᠵᠡᠮᠵᠢ ᠪᠠᠷ ᠭᠤᠤᠯ ᠪᠤᠯᠭᠠᠵᠦ᠂ ᠪᠡᠶ᠎ᠡ ᠶ᠋ᠢᠨ ᠲᠠᠮᠢᠷ ᠪᠤᠯᠤᠨ ᠠᠶᠠᠯᠠᠯ ᠵᠢᠭᠤᠯᠴᠢᠯᠠᠯ ᠤᠨ ᠦᠢᠯᠡᠰ  ᠲᠤ ᠰᠠᠭᠤᠷᠢᠯᠠᠵᠦ᠂ ᠮᠤᠩᠭ᠋ᠤᠯ ᠦᠨᠳᠦᠰᠦᠳᠡᠨ ᠤ ᠦᠪᠡᠷᠮᠢᠴᠡ ᠤᠨᠴᠠᠯᠢᠭ ᠪᠠ ᠪᠦᠰᠡ ᠨᠤᠳᠤᠭ ᠤᠨ ᠰᠤᠶᠤᠯ ᠢ ᠤᠶᠠᠯᠳᠤᠭᠤᠯᠤᠨ᠂ ᠪᠡᠶ᠎ᠡ ᠶ᠋ᠢᠨ ᠲᠠᠮᠢᠷ ᠤᠨ ᠰᠤᠶᠤᠯ᠂ ᠤᠨᠴᠠᠯᠢᠬᠳᠦ ᠰᠤᠶᠤᠯ᠂ ᠠᠶᠠᠯᠠᠯ ᠵᠢᠭᠤᠯᠴᠢᠯᠠᠯ ᠤᠨ ᠰᠤᠶᠤᠯ ᠢᠶᠠᠷ ᠭᠤᠤᠯ ᠪᠤᠯᠭᠠᠬᠰᠠᠨ ᠦᠨᠳᠦᠰᠦᠳᠡᠨ ᠤ ᠪᠡᠶ᠎ᠡ ᠶ᠋ᠢᠨ ᠲᠠᠮᠢᠷ ᠤᠨ ᠰᠠᠭᠤᠷᠢᠨ ᠪᠠ ᠶᠡᠷᠦᠩᠬᠡᠶᠢᠯᠡᠭᠰᠡᠨ ᠴᠢᠨᠠᠷ ᠲᠠᠢ ᠠᠶᠠᠯᠠᠯ ᠵᠢᠭᠤᠯᠴᠢᠯᠠᠯ ᠤᠨ ᠰᠠᠭᠤᠷᠢᠨ ᠪᠤᠯᠤᠨ᠎ᠠ᠃

    ᠦᠪᠦᠷ ᠮᠤᠩᠭ᠋ᠤᠯ ᠤᠨ ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠰᠤᠶᠤᠯ ᠪᠡᠶ᠎ᠡ ᠶ᠋ᠢᠨ ᠲᠠᠮᠢᠷ ᠤᠨ ᠬᠦ᠋ᠳᠡᠯᠬᠡᠬᠡᠨ ᠤ ᠲᠦᠪ ᠤᠨ ᠪᠠᠷᠢᠯᠭ᠎ᠠ ᠪᠠᠶᠢᠭᠤᠯᠤᠯᠳᠠ ᠶ᠋ᠢ 2016 ᠤᠨ  ᠤ 2 ᠰᠠᠷ᠎ᠠ  ᠳ᠋ᠣ ᠡᠬᠢᠯᠡᠭᠦᠯᠦᠭᠰᠡᠨ ᠪᠠᠶᠢᠨ᠎ᠠ᠂ ᠡᠨᠡ ᠪᠠᠷᠢᠯᠭ᠎ᠠ ᠳ᠋ᠣ ᠶᠤᠰᠤᠯᠠᠯ ᠤᠨ ᠲᠠᠶᠢᠰᠠ ᠪᠠ ᠦᠵᠡᠭᠴᠢᠳ ᠤᠨ ᠲᠠᠶᠢᠰᠠᠨ ᠤ ᠭᠤᠤᠯ ᠪᠠᠷᠢᠯᠭ᠎ᠠ᠂ ᠮᠤᠷᠢᠨ ᠤᠷᠤᠯᠳᠤᠭᠠᠨ ᠤ ᠪᠠᠷᠢᠮᠵᠢᠶᠠᠳᠦ ᠵᠠᠮ᠂ ᠵᠦᠴᠢᠶ᠎ᠡ᠂ ᠮᠠᠰᠢᠨ ᠲᠡᠷᠬᠡᠨ ᠤ ᠵᠤᠬᠰᠤᠭᠠᠯ ᠤᠨ ᠲᠠᠯᠠᠪᠦᠷ᠂ ᠲᠤᠬᠯᠠᠯᠳᠠ ᠶ᠋ᠢᠨ ᠲᠢᠩᠭᠢᠮ᠂ ᠮᠦᠷᠦᠶᠢᠴᠡᠬᠡᠨ ᠲᠡᠮᠡᠴᠡᠬᠡᠨ ᠤ ᠤᠷᠳᠤᠨ᠂ ᠠᠳᠤᠭᠤᠨ ᠰᠤᠶᠤᠯ ᠤᠨ ᠮᠦᠽᠸᠢ᠂ ᠰᠤᠷ ᠬᠠᠷᠪᠤᠯᠳᠠ ᠶ᠋ᠢᠨ ᠤᠷᠳᠤᠨ ᠵᠡᠷᠭᠡ ᠶ᠋ᠢ ᠪᠠᠬᠳᠠᠭᠠᠵᠦ ᠪᠠᠶᠢᠳᠠᠭ᠃ ᠦᠵᠡᠭᠴᠢᠳ ᠤᠨ ᠲᠠᠶᠢᠰᠠᠨ ᠤ ᠭᠤᠤᠯ ᠪᠠᠷᠢᠯᠭ᠎ᠠ ᠪᠤᠯᠤᠨ ᠵᠦᠴᠢᠶ᠎ᠡ ᠶ᠋ᠢᠨ ᠪᠠᠷᠢᠯᠭ᠎ᠠ ᠶ᠋ᠢᠨ ᠲᠠᠯᠠᠪᠠᠢ ᠨᠢ292 ᠮᠦ᠂ ᠶᠡᠷᠦᠩᠬᠡᠢ ᠪᠠᠷᠢᠯᠭ᠎ᠠ ᠶ᠋ᠢᠨ ᠲᠠᠯᠠᠪᠠᠢ ᠨᠢ 81869.8 ᠭᠦᠸᠠᠳ᠋ ᠮᠸᠲ᠋ᠷ ᠪᠠᠶᠢᠳᠠᠭ︔ ᠮᠤᠷᠢᠨ ᠤᠷᠤᠯᠳᠤᠭᠠᠨ ᠤ ᠪᠠᠷᠢᠮᠵᠢᠶᠠᠳᠦ ᠵᠠᠮ ᠤᠨ  ᠡᠵᠡᠯᠡᠬᠦ ᠲᠠᠯᠠᠪᠠᠢ ᠨᠢ 660 ᠮᠦ᠂ ᠮᠠᠰᠢᠨ ᠲᠡᠷᠬᠡᠨ ᠤ ᠵᠤᠬᠰᠤᠭᠠᠯ ᠤᠨ ᠡᠵᠡᠯᠡᠬᠦ ᠲᠠᠯᠠᠪᠠᠢ ᠨᠢ 320 ᠮᠦ ᠪᠠᠶᠢᠳᠠᠭ᠃ ᠲᠤᠰ ᠪᠠᠷᠢᠯᠭ᠎ᠠ ᠳ᠋ᠤ ᠪᠠᠷᠤᠭ 7 ᠳ᠋ᠦᠩᠰᠢᠭᠤᠷ 2973 ᠲᠦᠮᠡ ᠭᠠᠷᠦᠢ ᠲᠦᠭᠦᠷᠢᠭ᠌ ᠤᠨ ᠪᠡᠯᠡ ᠮᠦᠩᠭᠦ ᠵᠠᠷᠤᠴᠠᠭᠤᠯᠤᠬᠰᠠᠨ ᠪᠠᠶᠢᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121299801