蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠡᠵᠡᠨ ᠬᠤᠷᠤᠭ᠎ᠠ ᠬᠤᠰᠢᠭᠤᠨ ᠳᠤ ᠪᠠᠷᠢᠯᠭ᠎ᠠ ᠨᠤᠷᠠᠭᠰᠠᠨ ᠤᠰᠤᠯ ᠡᠬᠦᠰᠴᠦ 8 ᠬᠦᠮᠦᠨ ᠡᠨᠳᠡᠪᠡ

2017-07-12 11:00

    ᠰᠢᠨᠬᠤᠸᠠ ᠬᠤᠷᠢᠶ᠎ᠠ  ᠬᠦᠬᠡᠬᠤᠳᠠ ᠶᠢᠨ 7 ᠰᠠᠷ᠎ᠠ ᠶᠢᠨ 12 ᠤᠨ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠿᠧᠨ ᠾᠦᠢ ᠪᠢᠨ) 7 ᠰᠠᠷ᠎ᠠ ᠶᠢᠨ 11 ᠤ ᠡᠳᠤᠷ ᠤᠨ 17᠄20 ᠴᠠᠭ ᠤᠨ ᠦᠶ᠎ᠡ ᠪᠡᠷ ᠦᠪᠦᠷ ᠮᠤᠩᠭ᠋ᠤᠯ ᠤᠨ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ 《 ᠤᠮᠠᠷᠠᠳᠤ ᠢᠷᠭᠡᠨ ᠤ ᠬᠤᠳᠠ》 ᠪᠠᠷᠢᠯᠭ᠎ᠠ ᠶᠢᠨ ᠭᠠᠵᠠᠷ ᠨᠤᠷᠠᠯᠳᠠ ᠶᠢᠨ ᠤᠰᠤᠯ ᠡᠬᠦᠰᠴᠦ᠂ 8 ᠬᠦᠮᠦᠨ ᠬᠦᠨᠳᠤ ᠰᠢᠷᠬᠠᠳᠤᠵᠤ᠂ 2 ᠬᠦᠮᠦᠨ ᠬᠦᠩᠭᠡᠨ ᠰᠢᠷᠬᠠᠳᠤᠪᠠ᠃ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠡᠴᠡ ᠤᠯᠭᠤᠬᠰᠠᠨ ᠬᠠᠮᠤᠭ ᠤᠨ ᠰᠢᠨ᠎ᠡ ᠮᠡᠳᠡᠬᠡ ᠡᠴᠡ ᠤᠶᠢᠯᠠᠭᠠᠭᠰᠠᠨ ᠢᠶᠡᠷ᠂ 12 ᠤᠨ ᠦᠳᠡ ᠶᠢᠨ ᠡᠮᠦᠨ᠎ᠡ 7᠄30 ᠮᠢᠨᠦ᠋ᠲ  ᠪᠤᠯᠬᠤ ᠳ᠋ᠦ ᠬᠦᠨᠳᠤ ᠰᠢᠷᠬᠠᠳᠤᠬᠰᠠᠨ 8 ᠬᠦᠮᠦᠨ ᠵᠠᠰᠠᠯᠭ᠎ᠠ ᠠᠪᠤᠭᠰᠠᠨ ᠦᠭᠡᠢ ᠡᠨᠳᠡᠪᠡ᠃

    ᠤᠰᠤᠯ ᠤᠨ ᠲᠠᠷᠠᠭ᠎ᠠ᠂ ᠤᠷᠳᠤᠰ ᠬᠤᠳᠠ ᠶᠢᠨ ᠲᠤᠳᠤᠭᠠᠳᠤ ᠶᠢ ᠬᠠᠮᠠᠭᠠᠯᠠᠬᠤ᠂ ᠡᠷᠡᠬᠦᠯ ᠬᠠᠮᠠᠭᠠᠯᠠᠯ ᠵᠡᠷᠭᠡ ᠰᠠᠯᠠᠭ᠎ᠠ ᠮᠦᠴᠢᠷ  ᠢ ᠵᠤᠬᠢᠶᠠᠨ ᠪᠠᠶᠢᠭᠤᠯᠤᠨ ᠤᠰᠤᠯ ᠤᠨ ᠲᠠᠯᠠᠪᠤᠷ ᠲᠤ ᠠᠪᠤᠷᠠᠬᠤ ᠠᠵᠢᠯᠯᠠᠭ᠎ᠠ ᠬᠢᠵᠡᠢ᠃

    ᠤᠳᠤᠬᠠᠨ ᠳᠤ ᠤᠰᠤᠯ ᠤᠨ ᠰᠢᠯᠳᠠᠭᠠᠨ ᠢ ᠶᠠᠭ ᠪᠠᠶᠢᠴᠠᠭᠠᠨ ᠲᠤᠳᠤᠯᠠᠵᠤ ᠪᠤᠢ᠂ ᠲᠦᠪᠬᠢᠨᠡᠬᠦᠯᠬᠦ ᠠᠵᠢᠯ ᠢ ᠨᠢᠬᠡᠨᠳᠡ ᠪᠦᠬᠦ ᠲᠠᠯ᠎ᠠ ᠪᠡᠷ ᠦᠷᠨᠢᠬᠦᠯᠵᠤ ᠡᠬᠢᠯᠡᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121305963