蒙古文网站Logo
ᠰᠢᠨᠬᠤᠸᠠ ᠮᠤᠩᠭ᠋ᠤᠯ ᠨᠧᠲ

ᠲᠠᠪᠤᠳᠤᠭᠠᠷ ᠬᠤᠭᠤᠴᠠᠭᠠᠨ ᠤ ᠦᠪᠦᠷ ᠮᠣᠩᠭᠣᠯ ᠤᠨ《 ᠲᠠᠯ᠎ᠠ ᠨᠤᠲᠤᠭ ᠤᠨ ᠴᠢᠳᠠᠪᠤᠷᠢᠲᠠᠨ》 ᠤ ᠲᠡᠭᠡᠲᠤ ᠲᠦᠪᠰᠢᠨ ᠤ ᠬᠠᠮᠲᠤᠷᠠᠯᠴᠠᠭ᠎ᠠ ᠰᠤᠯᠢᠯᠴᠠᠭᠠᠨ ᠤ ᠬᠤᠷᠠᠯ ᠬᠤᠷᠠᠯᠳᠤᠵᠤ ᠡᠬᠢᠯᠡᠪᠡ

2017-07-13 11:26

    7 ᠰᠠᠷ᠎ᠠ ᠶᠢᠨ 12 ᠤᠨ ᠡᠳᠦᠷ᠂ ᠲᠠᠪᠤᠳᠤᠭᠠᠷ ᠬᠤᠭᠤᠴᠠᠭᠠᠨ ᠤ ᠦᠪᠦᠷ ᠮᠣᠩᠭᠣᠯ ᠤᠨ 《ᠲᠠᠯ᠎ᠠ ᠨᠤᠲᠤᠭ ᠤᠨ ᠴᠢᠳᠠᠪᠤᠷᠢᠲᠠᠨ》 ᠳᠡᠭᠡᠲᠤ ᠲᠦᠪᠰᠢᠨ ᠤ ᠴᠢᠳᠠᠪᠤᠷᠢᠲᠠᠨ ᠤ ᠬᠠᠮᠲᠤᠷᠠᠯᠴᠠᠭ᠎ᠠ ᠰᠤᠯᠢᠯᠴᠠᠭᠠᠨ ᠤ ᠬᠤᠷᠠᠯ ᠵᠢᠴᠢ ᠬᠦᠬᠡᠬᠤᠲᠠ ᠪᠤᠭᠤᠲᠤ ᠤᠷᠳᠤᠰ ᠤᠨ ᠴᠢᠳᠠᠪᠤᠷᠢᠲᠠᠨ ᠤ ᠰᠢᠨ᠎ᠠ ᠶᠢ ᠡᠭᠦᠳᠴᠤ ᠠᠳᠠᠯ ᠪᠤᠰᠬᠠᠬᠤ ᠭᠠᠷᠠᠭ ᠤᠨ ᠠᠵᠢᠯᠯᠠᠭ᠎ᠠ ᠤᠷᠳᠤᠰ ᠬᠤᠲᠠ ᠳᠤ ᠡᠬᠢᠯᠡᠪᠡ᠃

    ᠠᠵᠢᠯᠯᠠᠭ᠎ᠠ ᠨᠢ《 ᠴᠢᠳᠠᠪᠤᠷᠢᠲᠠᠨ ᠢ ᠬᠤᠷᠠᠨ ᠴᠤᠭᠯᠠᠭᠤᠯᠤᠨ 〈 ᠳᠤᠯᠤᠭᠠᠨ ᠲᠤᠤᠷ〉 ᠢ ᠪᠠᠶᠢᠭᠤᠯᠵᠤ᠂ ᠤᠶᠤᠨ ᠤᠬᠠᠭᠠᠨ ᠢ ᠲᠦᠪᠯᠡᠷᠡᠭᠦᠯᠦᠨ〈 ᠳᠤᠯᠤᠭᠠᠨ ᠦᠢᠯᠡᠰ〉 ᠢ᠋ ᠬᠦᠭ᠍ᠵᠢᠭᠦᠯᠬᠦ》 ᠪᠡᠷ ᠭᠤᠤᠯ ᠰᠡᠳᠦᠪ ᠪᠤᠯᠭᠠᠵᠤ᠂ ᠦᠪᠦᠷ ᠮᠣᠩᠭᠣᠯ ᠤᠨ ᠴᠢᠳᠠᠪᠤᠷᠢᠲᠠᠨ ᠤ ᠬᠦᠭ᠍ᠵᠢᠯᠲᠠ ᠶᠢᠨ ᠲᠤᠭᠲᠠᠯᠴᠠᠭ᠎ᠠ ᠦᠭᠡᠷᠡᠴᠢᠯᠡᠯᠲᠡ ᠶᠢᠨ ᠦᠷ᠎ᠠ ᠪᠦᠲᠦᠮᠵᠢ ᠶᠢ ᠲᠦᠪᠯᠡᠷᠡᠭᠦᠯᠦᠨ ᠤᠬᠠᠭᠤᠯᠤᠨ ᠦᠵᠡᠭᠦᠯᠦᠨ᠎ᠠ᠂ ᠰᠢᠨ᠎ᠠ ᠶᠢ ᠡᠭᠦᠳᠴᠤ ᠠᠳᠠᠯ ᠪᠤᠰᠬᠠᠬᠤ ᠴᠢᠳᠠᠪᠤᠷᠢᠲᠠᠨ ᠪᠤᠯᠤᠨ ᠠᠵᠤ ᠦᠢᠯᠡᠰ ᠤᠨ ᠲᠦᠰᠦᠯ ᠲᠠᠢ ᠵᠤᠯᠭᠠᠭᠤᠯᠬᠤ ᠲᠠᠪᠴᠠᠩ ᠢ ᠪᠠᠶᠢᠭᠤᠯᠤᠨ᠎ᠠ᠃

    ᠦᠪᠦᠷ ᠮᠣᠩᠭᠣᠯ ᠤᠨ ᠥᠪᠡᠷᠳᠡᠬᠡᠨ ᠵᠠᠰᠠᠬᠣ ᠣᠷᠣᠨ ᠤ ᠨᠠᠮ ᠤᠨ ᠬᠣᠷᠢᠶ᠎ᠠ ᠶᠢᠨ ᠪᠠᠢᠢᠩᠭ᠋ᠣ ᠶᠢᠨ ᠬᠡᠰᠢᠬᠥᠨ᠂ ᠵᠣᠬᠢᠶᠠᠨ ᠪᠠᠢᠢᠭᠣᠯᠬᠣ ᠬᠡᠯᠳᠡᠰ ᠤᠨ ᠲ᠋ᠠᠷᠣᠭ᠎ᠠ ᠽᠸᠩ ᠡᠢ ᠴᠥᠨ᠂ ᠦᠪᠦᠷ ᠮᠣᠩᠭᠣᠯ ᠤᠨ ᠥᠪᠡᠷᠳᠡᠬᠡᠨ ᠵᠠᠰᠠᠬᠣ ᠣᠷᠣᠨ ᠤ ᠲ᠋ᠡᠳ᠋ ᠲ᠋ᠡᠷᠢᠬᠥᠯᠡᠭᠴᠢ ᠴᠠᠩ ᠵᠢᠶᠦ᠋ᠨ ᠵᠸᠩ ᠬᠤᠷᠠᠯ ᠳ᠋᠋ᠤ ᠤᠷᠤᠯᠴᠠᠵᠥ᠂ ᠲ᠋ᠤᠰ ᠲ᠋ᠤᠰ ᠦᠪᠦᠷ ᠮᠣᠩᠭᠣᠯ ᠤᠨ ᠥᠪᠡᠷᠳᠡᠬᠡᠨ ᠵᠠᠰᠠᠬᠣ ᠣᠷᠣᠨ ᠤ 《ᠲ᠋ᠠᠯ᠎ᠠ ᠨᠣᠳᠣᠬ ᠤᠨ ᠴᠢᠳᠠᠪᠣᠷᠢᠳᠠᠨ》 ᠤ ᠳᠥᠯᠥᠬᠡᠯᠡᠭᠴᠢ ᠳ᠋ᠦ ᠢᠷᠠᠭᠣ ᠠᠯᠳᠠᠷ ᠤᠨ ᠥᠨᠠᠮᠯᠠᠯ ᠭᠠᠷᠳᠠᠭᠣᠯᠵᠥ᠂ ᠦᠪᠦᠷ ᠮᠣᠩᠭᠣᠯ ᠤᠨ ᠰᠢᠨ᠎ᠠ ᠪᠠᠷ ᠪᠠᠢᠢᠭᠤᠯᠤᠭᠰᠠᠠ《ᠠᠺᠡᠳ᠋ᠸᠮᠢᠴᠢ ᠳᠣᠰᠬᠠᠢ ᠮᠡᠷᠬᠡᠵᠢᠯᠳᠡᠨ ᠤ ᠠᠵᠢᠯᠯᠠᠬᠣ ᠥᠷᠳᠡᠬᠡ》 ᠶᠢᠨ ᠫᠠᠢᠢᠰᠠ ᠶᠢ ᠰᠠᠬᠦᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121313171