蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭᠣᠯ  ᠮᠢᠩᠭ᠋᠎ᠠ ᠭᠠᠷᠤᠢ ᠴᠢᠳᠠᠪᠤᠷᠢᠲᠠᠨ ‍ᠢ ᠬᠦᠮᠤᠵᠢᠭᠦᠯᠦᠭᠰᠡᠨ ᠪᠤᠶᠤ ᠤᠷᠢᠵᠦ ᠠᠪᠴᠢᠷᠠᠪᠠ

2017-07-13 11:26

    《 ᠲᠠᠯ᠎ᠠ ᠨᠤᠲᠤᠭ ᠤᠨ ᠴᠢᠳᠠᠪᠤᠷᠢᠲᠠᠨ》 ᠢᠨᠵᠧᠨᠧᠷᠢᠩ ᠢ 2010 ᠣᠨ ᠳ᠋ᠤ ᠡᠬᠢᠯᠡᠭᠦᠯᠦᠭᠰᠡᠨ ᠡᠴᠡ ᠨᠠᠰᠢ᠂ ᠥᠪᠥᠷ ᠮᠣᠩᠭᠣᠯ ᠣᠷᠣᠨ  1017 《 ᠲᠠᠯ᠎ᠠ ᠨᠤᠲᠤᠭ ᠤᠨ ᠴᠢᠳᠠᠪᠤᠷᠢᠲᠠᠨ》 ᠢ᠋ ᠬᠦᠮᠤᠵᠢᠭᠦᠯᠦᠭᠰᠡᠨ ᠪᠤᠶᠤ ᠤᠷᠢᠨ ᠠᠪᠴᠢᠷᠠᠵᠦ᠂ ᠮᠠᠯ ᠲᠠᠷᠢᠶᠠᠯᠠᠩ᠂ ᠡᠨᠧᠷᠭᠢ᠂ ᠰᠢᠨ᠎ᠡ ᠬᠡᠯᠪᠡᠷᠢ ᠶ᠋ᠢᠨ ᠬᠢᠮᠢ ᠶ᠋ᠢᠨ ᠠᠵᠤ ᠦᠢᠯᠡᠳᠪᠦᠷᠢ ᠵᠡᠷᠭᠡ 15 ᠬᠦᠷᠢᠶᠡᠨ ᠳ᠋ᠡᠬᠢ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠡᠷᠭᠡᠯᠡᠯ ᠤᠨ ᠠᠵᠤ ᠦᠢᠯᠡᠰ ᠦᠨ ᠰᠢᠨ᠎ᠡ ᠶ᠋ᠢ ᠡᠭᠦᠳᠬᠦ ᠪᠠ ᠠᠳᠠᠯ ᠦᠢᠯᠡᠰ ᠪᠤᠰᠬᠠᠬᠤ ᠴᠢᠳᠠᠪᠤᠷᠢᠲᠠᠨ ᠤ ᠪᠠᠭ ᠨᠡᠶᠢᠲᠡ 496᠂ ᠳᠡᠭᠡᠳᠦ ᠲᠦᠪᠰᠢᠨ ᠤ ᠴᠢᠳᠠᠪᠤᠷᠢᠲᠠᠨ ᠤ ᠰᠢᠨ᠎ᠡ ᠶ᠋ᠢ ᠡᠭᠦᠳᠬᠦ ᠪᠠ ᠠᠳᠠᠯ ᠦᠢᠯᠡᠰ ᠪᠤᠰᠬᠠᠬᠤ ᠰᠠᠭᠤᠷᠢᠨ ᠭᠠᠵᠠᠷ 77  ᠶ᠋ᠢ ᠭᠣᠣᠯᠳᠠᠯᠭ᠎ᠠ ᠲᠠᠢ ᠪᠠᠶᠢᠭᠤᠯᠵᠦ᠂ ᠥᠪᠥᠷ ᠮᠣᠩᠭᠣᠯ ᠤᠨ ᠴᠢᠳᠠᠪᠤᠷᠢᠲᠠᠨ ᠤ ᠦᠢᠯᠡᠰ ᠦᠨ ᠬᠦᠭ᠍ᠵᠢᠯᠲᠠ ᠶᠢᠨ ᠴᠢᠬᠤᠯᠠ ᠲᠡᠪᠴᠡᠩ ᠦᠨ ᠨᠢᠭᠡ ᠪᠣᠯᠣᠭᠰᠠᠨ ᠪᠠᠶᠢᠨ᠎ᠠ᠃ ᠤᠳᠤᠬᠠᠨ ᠳᠤ᠂ ᠨᠢᠭᠡᠨᠲᠡ ᠰᠢᠯᠭᠠᠷᠠᠭᠤᠯᠤᠭᠰᠠᠨ 《 ᠲᠠᠯ᠎ᠠ ᠨᠤᠲᠤᠭ ᠤᠨ ᠴᠢᠳᠠᠪᠤᠷᠢᠲᠠᠨ》 ᠤ᠋ ᠳᠣᠲᠣᠷ᠎ᠠ ᠡᠴᠠ 13 ᠬᠦᠮᠦᠨ ᠤᠯᠤᠰ ᠤᠨ 《 ᠮᠢᠩᠭ᠋ᠠᠨ ᠴᠢᠳᠠᠪᠤᠷᠢᠳᠠᠨ ᠤ ᠲᠦ᠋ᠯᠦᠪᠯᠡᠭᠡ》 ᠳᠤ ᠵᠢᠬᠰᠠᠭᠠᠭᠳᠠᠵᠤ᠂ 13 ᠬᠦᠮᠦᠨ ᠤᠯᠤᠰ ᠤᠨ 《 ᠲᠦᠮᠡᠨ ᠴᠢᠳᠠᠪᠤᠷᠢᠳᠠᠨ ᠤ ᠲᠦᠯᠦᠪᠯᠡᠭᠡ》 ᠳ᠋ᠤ ᠵᠢᠬᠰᠠᠭᠠᠭᠳᠠᠨ᠂ 4 ᠬᠦᠮᠦᠨ ᠰᠤᠷᠭᠠᠨ ᠬᠦᠮᠦᠵᠢᠯ  ᠦ᠋ᠨ ᠶᠠᠮᠤᠨ ᠤ 《 ᠴᠠᠩ ᠵᠢᠶᠠᠩ ᠡᠷᠳᠡᠮᠲᠡᠨ》 ᠢ᠋ᠶ᠋ᠡᠷ ᠰᠤᠩᠭ᠋ᠤᠭᠳᠠᠵᠠᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121313177