蒙古文网站Logo
ᠰᠢᠨᠬᠤᠸᠠ ᠮᠤᠩᠭ᠋ᠤᠯ ᠨᠧᠲ

2017 ᠤᠨ ᠳᠤ ᠦᠪᠦᠷ ᠮᠤᠩᠭ᠋ᠤᠯ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠬᠦᠨᠳᠤ ᠡᠪᠡᠳᠴᠢᠳᠡᠨ ᠪᠦᠬᠦᠨ ᠢ ᠡᠮᠴᠢᠯᠡᠬᠦ ᠶᠢ ᠪᠡᠶᠡᠯᠡᠭᠦᠯᠦᠨ᠎ᠠ

2017-07-13 12:05

    ᠰᠢᠨᠬᠤᠸᠠ ᠬᠤᠷᠢᠶ᠎ᠠ  ᠬᠦᠬᠡᠬᠤᠳᠠ ᠶᠢᠨ 7 ᠰᠠᠷ᠎ᠠ ᠶᠢᠨ 12 ᠤᠨ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠫᠧᠩ ᠶᠤᠸᠠᠨ) ᠰᠤᠷᠪᠤᠯᠵᠢᠯᠠᠭᠴᠢ ᠦᠪᠦᠷ ᠮᠤᠩᠭ᠋ᠤᠯ ᠤᠨ ᠶᠠᠳᠠᠭᠤ ᠶᠢ ᠲᠡᠳᠬᠦᠬᠦ ᠠᠯᠪᠠᠨ ᠡᠴᠡ ᠤᠶᠢᠯᠠᠭᠠᠭᠰᠠᠨ ᠢᠶᠡᠷ᠂ 2017 ᠤᠨ ᠡᠴᠡ 2020 ᠤᠨ ᠪᠤᠯᠬᠤ ᠳᠤ᠂ ᠦᠪᠦᠷ ᠮᠤᠩᠭ᠋ᠤᠯ  ᠵᠢᠯ ᠪᠦᠷᠢ ᠬᠦᠳᠡᠬᠡ ᠲᠤᠰᠬᠤᠨ ᠮᠠᠯᠵᠢᠬᠤ ᠤᠷᠤᠨ ᠤ ᠬᠦᠨᠳᠤ ᠡᠪᠡᠳᠴᠢᠨ᠂ ᠠᠷᠬᠠᠭ ᠡᠪᠡᠳᠴᠢᠨ ᠲᠠᠢ ᠶᠠᠳᠠᠭᠤ ᠬᠦᠴᠢᠷᠳᠡᠯᠳᠡᠢ ᠬᠦᠮᠦᠨ ᠠᠮᠠ ᠶᠢ ᠬᠢᠨᠠᠨ ᠪᠠᠶᠢᠴᠠᠭᠠᠬᠤ ᠠᠵᠢᠯ ᠦᠷᠨᠢᠬᠦᠯᠵᠤ᠂ ᠦᠨᠦ ᠵᠢᠯ ᠬᠦᠨᠳᠤ ᠡᠪᠡᠳᠴᠢᠳᠡᠨ ᠢ ᠡᠮᠴᠢᠯᠡᠨ ᠵᠠᠰᠠᠬᠤ ᠨᠤᠷᠮ᠎ᠠ ᠶᠢ 60% ᠡᠴᠡ ᠲᠡᠭᠡᠭ᠍ᠰᠢ᠂ ᠠᠷᠬᠠᠭ ᠡᠪᠡᠳᠴᠢᠳᠡᠨ ᠳᠤ ᠬᠡᠷ᠎ᠡ ᠲᠤᠭᠳᠠᠨ ᠦᠢᠯᠡᠴᠢᠯᠡᠨ ᠬᠠᠮᠢᠶᠠᠷᠬᠤ ᠨᠤᠷᠮ᠎ᠠ ᠶᠢ 100% ᠪᠡᠷ ᠪᠡᠶᠡᠯᠡᠬᠦᠯᠬᠦ ᠪᠡᠷ ᠲᠦᠰᠦᠪᠯᠡᠵᠤ᠂ ᠬᠦᠨᠳᠤ ᠡᠪᠡᠳᠴᠢᠳᠡᠨ ᠪᠦᠬᠦᠨ ᠢ ᠲᠡᠳᠬᠦᠬᠦ ᠪᠠᠳᠤᠯᠠᠭ᠎ᠠ ᠶᠢ ᠪᠦᠬᠦ ᠲᠠᠯ᠎ᠠ ᠪᠡᠷ ᠪᠡᠶᠡᠯᠡᠬᠦᠯᠦᠨ᠎ᠡ᠃

    ᠦᠪᠦᠷ ᠮᠤᠩᠭ᠋ᠤᠯ ᠤᠨ ᠶᠠᠳᠠᠭᠤ ᠶᠢ ᠲᠡᠳᠬᠦᠬᠦ ᠠᠯᠪᠠᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ ᠤ ᠢᠯᠡᠷᠬᠡᠶᠢᠯᠡᠭᠰᠡᠨ ᠢᠶᠡᠷ᠂ ᠡᠨᠡ ᠵᠢᠯ ᠡᠴᠡ ᠡᠬᠢᠯᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠬᠦᠨᠳᠤ ᠡᠪᠡᠳᠴᠢᠳᠡᠨ ᠪᠤᠯᠭᠠᠨ ᠬᠦᠩᠬᠡᠯᠳᠡ ᠶᠢᠨ ᠴᠢᠨᠠᠷᠲᠠᠢ ᠤᠨᠢᠨ ᠲᠡᠭᠡᠷ᠎ᠡ ᠨᠢ ᠲᠤᠭᠠᠴᠠᠭ᠎ᠠ ᠬᠢᠬᠦ ᠲᠦᠷᠦ ᠶᠢᠨ ᠪᠤᠳᠤᠯᠭ᠎ᠠ ᠶᠢᠨ ᠰᠠᠢᠢᠨ ᠢ ᠬᠦᠷᠳᠡᠭᠦ ᠪᠤᠯᠤᠨ᠎ᠠ᠂ ᠬᠦᠳᠡᠬᠡ ᠲᠤᠰᠬᠤᠨ ᠮᠠᠯᠵᠢᠬᠤ ᠤᠷᠤᠨ ᠤ ᠨᠦᠬᠦᠴᠠᠯ ᠳᠤ ᠨᠡᠶᠢᠴᠡᠬᠦ ᠬᠦᠮᠦᠨ ᠡᠬᠢᠨ ᠤ ᠲᠤᠭᠠᠴᠠᠭ᠎ᠠ ᠬᠢᠬᠦ᠂ ᠲᠠᠡᠭᠰᠠ ᠴᠠᠢᠢᠷᠠᠭᠤᠯᠬᠤ ᠶᠢᠨ ᠬᠠᠷᠢᠴᠠᠯ ᠵᠡᠷᠬᠡ  ᠲᠠᠯ᠎ᠠ ᠪᠡᠷ ᠭᠤᠤᠯᠳᠠᠯᠭ᠎ᠠ ᠲᠠᠢ ᠬᠦᠩᠬᠡᠯᠳᠡ ᠤᠯᠭᠤᠵᠤ᠂ ᠡᠮᠴᠢᠯᠡᠬᠡᠨ ᠤ ᠲᠠᠯ᠎ᠠ ᠪᠡᠷ ᠲᠤᠰᠠᠯᠠᠬᠤ ᠬᠦᠴᠦᠯᠡᠴᠡ ᠪᠠᠨ ᠴᠢᠩᠬ᠋ᠠᠳᠬᠠᠨ᠂ ᠬᠦᠳᠡᠬᠡ ᠲᠤᠰᠬᠤᠨ ᠮᠠᠯᠵᠢᠬᠤ ᠤᠷᠤᠨ ᠤ ᠲᠤᠰᠠᠯᠠᠬᠤ ᠨᠦᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠢ ᠬᠦᠮᠦᠨ ᠠᠮᠠ ᠶᠢ ᠪᠦᠬᠦ ᠲᠠᠯ᠎ᠠ ᠪᠡᠷ ᠡᠮᠴᠢᠯᠡᠬᠡᠨ ᠤ ᠲᠤᠰᠠᠯᠠᠮᠵᠢ ᠶᠢᠨ ᠬᠡᠪᠴᠢᠶᠡᠨ ᠳᠤ ᠤᠷᠤᠭᠤᠯᠤᠨ ᠲᠤᠰᠠᠯᠠᠮᠵᠢ ᠶᠢᠨ ᠲᠦᠪᠰᠢᠨ ᠢᠶᠡᠨ ᠤᠯᠠᠮ ᠢᠶᠡᠷ ᠲᠡᠭᠡᠭ᠍ᠰᠢᠯᠡᠬᠦᠯᠦᠨ᠎ᠠ ᠬᠡᠵᠡᠢ᠃ 

    ᠦᠪᠦᠷ ᠮᠤᠩᠭ᠋ᠤᠯ ᠤᠷᠢᠳᠠᠪᠡᠷ ᠡᠮᠴᠢᠯᠡᠬᠦᠯᠦᠨ ᠲᠠᠷᠠᠭ᠎ᠠ ᠨᠢ ᠲᠤᠭᠠᠴᠠᠭ᠎ᠠ ᠬᠢᠬᠦ ᠪᠤᠯᠤᠨ 《 ᠨᠢᠬᠡ ᠦᠷᠳᠡᠭᠡᠴᠢᠯᠡᠭᠰᠡᠨ》 ᠲᠤᠭᠠᠴᠠᠭᠠᠯᠠᠬᠤ ᠲᠦᠷᠢᠮ ᠲᠤᠭᠳᠠᠭᠠᠯ ᠢ ᠬᠡᠷᠡᠭᠵᠢᠬᠦᠯᠦᠨ᠎ᠡ᠃ ᠬᠦᠳᠡᠬᠡ ᠲᠤᠰᠬᠤᠨ ᠮᠠᠯᠵᠢᠬᠤ ᠤᠷᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ᠰᠢᠶᠠᠨ ᠤ ᠬᠡᠪᠴᠢᠶᠡᠨ ᠳᠤ ᠲᠤᠭᠳᠠᠭᠰᠠᠨ ᠴᠢᠭ ᠤᠨ ᠡᠮᠴᠢᠯᠡᠬᠡᠨ ᠤ ᠪᠠᠶᠢᠭᠤᠯᠤᠯᠭ᠎ᠠ ᠳᠤ ᠡᠮᠨᠡᠬᠦᠯᠬᠦ ᠳᠤ ᠤᠷᠢᠳᠠᠪᠡᠷ ᠡᠮᠴᠢᠯᠡᠬᠦᠯᠵᠤ ᠲᠠᠷᠠᠭ᠎ᠠ ᠨᠢ ᠲᠤᠭᠠᠴᠠᠭ᠎ᠠ ᠬᠢᠵᠤ ᠪᠤᠯᠤᠨ᠎ᠠ᠃ ᠶᠠᠳᠠᠭᠤ ᠬᠦᠴᠢᠷᠳᠡᠯᠲᠡᠢ ᠡᠪᠡᠳᠴᠢᠳᠡᠨ ᠡᠮᠨᠡᠯᠬᠡ ᠡᠴᠡ ᠭᠠᠷᠬᠤ ᠦᠶ᠎ᠡ ᠳᠤ ᠪᠠᠨ ᠦᠪᠡᠷ ᠢᠶᠡᠨ ᠲᠤᠭᠠᠴᠠᠬᠤ ᠡᠮᠴᠢᠯᠡᠬᠡᠨ ᠤ ᠵᠠᠷᠤᠳᠠᠯ ᠢᠶᠡᠨ ᠲᠤᠭᠠᠴᠠᠪᠠᠯ ᠪᠤᠯᠴᠢᠬᠠᠨ᠎ᠠ᠃ ᠡᠬᠦᠨ ᠤ ᠰᠠᠭᠤᠷᠢᠨ  ᠲᠡᠭᠡᠷ᠎ᠠ ᠬᠤᠳᠠ ᠬᠦᠳᠡᠬᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠲᠠᠭᠠᠳᠬᠠᠯ ᠬᠦᠢᠴᠡᠳᠬᠡᠬᠦ ᠪᠠᠶᠢᠭᠤᠯᠤᠯᠭ᠎ᠠ ᠂ ᠬᠦᠨᠳᠤ ᠡᠪᠡᠳᠴᠢᠳᠡᠨ ᠤ ᠲᠠᠭᠠᠳᠬᠠᠯ ᠢ ᠲᠠᠭᠠᠭᠠᠴᠢᠯᠠᠬᠤ ᠪᠠᠶᠢᠭᠤᠯᠤᠯᠭ᠎ᠠ᠂ ᠡᠮᠴᠢᠯᠡᠬᠡᠨ ᠤ ᠲᠤᠰᠠᠯᠠᠮᠵᠢ ᠶᠢᠨ ᠪᠠᠶᠢᠭᠤᠯᠤᠯᠭ᠎ᠠ᠂ ᠡᠮᠴᠢᠯᠡᠬᠡᠨ ᠤ ᠪᠠᠶᠢᠭᠤᠯᠤᠯᠭ᠎ᠠ ᠶᠢᠨ ᠬᠤᠭᠤᠷᠤᠨᠳᠤᠬᠢ ᠦᠨᠳᠦᠰᠦᠨ ᠰᠤᠷᠠᠭ ᠵᠠᠩᠬᠢ ᠪᠡᠨ ᠬᠤᠪᠢᠶᠠᠯᠴᠠᠬᠤ᠂ ᠬᠠᠷᠢᠯᠴᠠᠨ ᠬᠤᠯᠪᠤᠭᠠᠯᠠᠨ ᠬᠠᠷᠢᠯᠴᠠᠨ ᠨᠡᠪᠳᠡᠷᠡᠯᠴᠡᠬᠦ ᠶᠢ ᠲᠦᠷᠭᠡᠳᠭᠡᠵᠦ᠂ ᠬᠤᠯᠪᠤᠭᠳᠠᠯ ᠪᠦᠬᠦᠢ ᠡᠮᠨᠡᠯᠬᠡ ᠶᠢᠨ ᠲᠠᠭᠠᠳᠬᠠᠯ᠂ ᠲᠤᠰᠠᠯᠠᠮᠵᠢ ᠶᠢᠨ ᠲᠦᠷᠦ ᠶᠢᠨ ᠪᠤᠳᠤᠯᠭ᠎ᠠ ᠶᠢᠨ ᠲᠤᠭᠳᠠᠭᠰᠠᠨ ᠡᠮᠨᠡᠯᠬᠡ ᠳᠤ ᠨᠢᠬᠡ ᠴᠤᠩᠬᠤ᠂ ᠨᠢᠬᠡᠳᠤᠯᠲᠡᠢ ᠰᠤᠷᠠᠭ ᠵᠠᠩᠬᠢ ᠶᠢᠨ ᠲᠠᠪᠴᠠᠩ ᠢᠶᠡᠷ《ᠨᠢᠬᠡ ᠦᠷᠳᠡᠭᠡᠴᠢᠯᠡᠭᠰᠡᠨ》ᠲᠤᠭᠠᠴᠠᠭ᠎ᠠ ᠬᠢᠬᠦ ᠶᠢ ᠪᠡᠶᠡᠯᠡᠬᠦᠯᠵᠤ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠡᠪᠡᠳᠴᠢᠨ ᠢᠶᠡᠨ ᠡᠮᠨᠡᠭᠦᠯᠬᠦ ᠶᠢ ᠨᠡᠩ ᠲᠦᠬᠦᠮ ᠬᠢᠯᠪᠡᠷ ᠪᠤᠯᠭᠠᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121313400