蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ ᠠᠶᠤᠯᠭᠦᠢ ᠤᠤᠭᠤᠬᠤ ᠤᠰᠤ ᠢᠷᠭᠡᠳ ᠲᠤ ᠳᠦᠭᠦᠮ ᠦᠵᠡᠭᠦᠯᠪᠠ

2017-07-13 17:31

7 ᠰᠠᠷ᠎ᠠ ᠶᠢᠨ 12 ᠤᠨ ᠡᠳᠦᠷ᠂ ᠪᠠᠶᠠᠨᠨᠠᠭᠤᠷ ᠬᠤᠲᠠ ᠶᠢᠨ ᠯᠢᠨ ᠾᠸ ᠲᠤᠭᠤᠷᠢᠭ ᠤᠨ ᠵᠢᠨ ᠪᠦ᠋ ᠲᠤᠰᠬᠤᠨ ᠤ ᠳ᠋ᠦ᠋ ᠷᠦᠢ ᠰᠢᠶᠠ ᠰᠠᠶ᠊ᠢᠬᠠᠨ ᠲᠤᠰᠤᠭᠰᠠᠨ ᠲᠦᠭᠡᠭᠡᠯ ᠤᠰᠤ ᠪᠡᠨ ᠦᠵᠡᠭᠦᠯᠵᠤ ᠪᠠᠶᠢᠭ᠎ᠠ ᠨᠢ

    ᠦᠪᠦᠷ ᠮᠣᠩᠭᠣᠯ ᠤᠨ ᠪᠠᠶᠠᠨᠨᠠᠭᠤᠷ ᠬᠤᠲᠠ ᠬᠠᠲᠤᠨ ᠭᠤᠤᠯ ᠤᠨ ᠡᠷᠭᠢ ᠳᠠᠭᠠᠤ ᠪᠠᠶᠢᠷᠢᠯᠠᠵᠤ᠂ ᠬᠡᠰᠡᠭ ᠪᠦᠰᠡ ᠨᠤᠲᠤᠭ ᠤᠨ ᠭᠠᠵᠠᠷ ᠳᠤᠤᠷᠠᠭᠢ ᠤᠰᠤᠨ ᠤ ᠴᠢᠨᠠᠷ ᠠᠨᠠᠢ᠂ ᠨᠢᠮᠭᠡᠨ ᠲᠠᠪᠬᠤᠷᠭ᠎ᠠ ᠶᠢᠨ ᠭᠠᠵᠠᠷ ᠳᠤᠤᠷᠠᠬᠢ ᠤᠰᠤ ᠨᠢ ᠭᠠᠰᠢᠭᠤᠨ ᠱᠤᠷᠪᠤᠭ᠂ ᠭᠦᠨ ᠲᠠᠪᠬᠤᠷᠭ᠎ᠠ ᠶᠢᠨ ᠭᠠᠵᠠᠷ ᠳᠤᠤᠷᠠᠬᠢ ᠤᠰᠤᠨ ᠤ ᠬᠦᠳᠡᠷᠵᠢᠴᠡ ᠨᠢ ᠶᠡᠬᠡ᠂ ᠹᠯᠤᠷ ᠤᠨ ᠠᠭᠤᠯᠤᠭᠳᠠᠴᠠ  ᠨᠢ ᠪᠠᠷᠢᠮᠵᠢᠶ᠎ᠠ ᠡᠴᠡ ᠬᠡᠲᠤᠷᠡᠳᠡᠭ᠃ ᠰᠡᠭᠦᠯ ᠤᠨ ᠵᠢᠯ ᠤᠳ ᠲᠤ᠂ ᠲᠤᠬᠠᠢ ᠶᠢᠨ ᠪᠦᠰᠡ ᠨᠤᠲᠤᠭ ᠤᠤᠭᠤᠬᠤ ᠤᠰᠤᠨ ᠤ ᠠᠶᠤᠯᠭᠦᠢ ᠶᠢᠨ ᠢᠨᠵᠸᠨ᠋ᠸᠷᠢᠩ ᠢ ᠬᠦᠴᠦᠯᠡᠨ ᠬᠡᠷᠡᠭᠵᠢᠬᠦᠯᠦᠭᠰᠡᠭᠡᠷ ᠢᠷᠡᠵᠡᠢ᠃《13·5》 ᠭᠦᠭ᠍ᠵᠢᠯᠲᠠ ᠶᠢᠨ ᠲᠦᠰᠦᠯ ᠤᠨ ᠬᠤᠭᠤᠴᠠᠭᠠᠨ ᠳᠤ ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠲᠠ ᠬᠢᠵᠤ ᠬᠦᠲᠡᠭᠡ ᠤᠷᠤᠨ ᠨᠤᠲᠤᠭ ᠤᠨ 12.6 ᠲᠦᠮᠡᠨ ᠬᠦᠮᠦᠨ ᠤ ᠤᠤᠭᠤᠬᠤ ᠤᠰᠤᠨ ᠤ ᠠᠰᠠᠭᠤᠳᠠᠯ ᠢ ᠰᠶ᠋ᠢᠳᠪᠦᠷᠢᠯᠡᠵᠠᠢ᠃ ᠢᠷᠡᠬᠦ ᠬᠡᠲᠦᠨ ᠵᠢᠯ ᠳᠤ᠂ ᠪᠠᠶᠠᠨᠨᠠᠭᠤᠷ ᠬᠤᠲᠠ ᠤᠤᠭᠤᠬᠤ ᠤᠰᠤᠨ ᠤ ᠠᠶᠤᠯᠭᠦᠢ ᠶᠢ ᠪᠠᠲᠤᠵᠢᠭᠤᠯᠵᠤ ᠲᠡᠭᠦᠯᠳᠡᠷᠵᠢᠭᠦᠯᠬᠦ ᠠᠵᠢᠯ ᠢ ᠭᠤᠤᠯᠳᠠᠯᠭ᠎ᠠ ᠲᠠᠢ ᠬᠢᠵᠤ᠂ ᠠᠯᠪᠠᠨ ᠨᠸᠲ ᠤᠨ ᠦᠷᠭᠦᠯᠵᠢᠯᠡᠯ ᠵᠢᠴᠢ ᠢᠵᠢ ᠪᠦᠷᠢᠨ ᠦᠭᠡᠷᠡᠴᠢᠯᠡᠯᠲᠡ᠂ ᠤᠰᠤ ᠶᠢ ᠴᠡᠪᠡᠷᠰᠢᠭᠦᠯᠬᠦ ᠲᠦᠬᠦᠭᠡᠷᠦᠮᠵᠢ ᠶᠢ ᠦᠭᠡᠷᠡᠴᠢᠯᠡᠬᠦ ᠵᠡᠷᠭᠡ ᠢᠨᠵᠸᠨ᠋ᠸᠷᠢᠩ ᠢ ᠦᠷᠭᠦᠯᠵᠢᠯᠡᠨ ᠪᠡᠶᠡᠯᠡᠭᠦᠯᠦᠨ᠎ᠠ᠃ 2020 ᠤᠨ ᠪᠤᠯᠬᠤ ᠳᠤ ᠬᠦᠳᠡᠭᠡ ᠤᠷᠤᠨ ᠨᠤᠲᠤᠭ ᠤᠨ ᠤᠤᠭᠤᠬᠤ ᠤᠰᠤᠨ ᠤ ᠠᠰᠠᠭᠤᠳᠠᠯ ᠢ ᠪᠦᠬᠦᠨ ᠢ ᠰᠶ᠋ᠢᠳᠪᠦᠷᠢᠯᠡᠨ᠎ᠠ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠸᠩ ᠬᠤᠸᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121315427