蒙古文网站Logo
ᠰᠢᠨᠬᠤᠸᠠ ᠮᠤᠩᠭ᠋ᠤᠯ ᠨᠧᠲ

ᠨᠸᠲ ᠤᠨ ᠬᠡᠪᠯᠡᠯ ᠮᠡᠳᠡᠭᠡᠯᠡᠯ ᠤᠨ ᠬᠢᠨ 70 ᠵᠢᠯ ᠤᠨ ᠦᠭᠡᠷᠡᠴᠢᠯᠡᠯᠲᠡ ᠬᠦᠭ᠍ᠵᠢᠯᠲᠠ ᠶᠢᠨ ᠠᠮᠵᠢᠯᠲᠠ ᠪᠦᠲᠦᠭᠡᠯ ᠢ ᠲᠡᠮᠳᠡᠭᠯᠡᠨ᠎ᠠ

2017-07-14 11:06

    ᠨᠸᠲ ᠤᠨ ᠬᠡᠪᠯᠡᠯ ᠮᠡᠳᠡᠭᠡᠯᠡᠯ ᠤᠨ ᠬᠢᠨ ᠤ ᠴᠦᠬᠡᠨ ᠪᠤᠰᠤ ᠬᠦᠮᠦᠰ《ᠢᠨᠲ᠋ᠸᠷᠨ᠋ᠸᠲ ᠤᠨ ᠬᠤᠷᠳᠤᠴᠠ》ᠪᠡᠷ ᠬᠦᠬᠡᠬᠤᠲᠠ ᠶᠢᠨ ᠳᠦᠷᠢ ᠳᠦᠷᠬᠦ᠂ ᠦᠭᠡᠷᠡᠴᠢᠯᠡᠯᠲᠡ ᠠᠮᠵᠢᠯᠲᠠ ᠶᠢᠨ ᠲᠤᠬᠠᠢ ᠮᠡᠳᠡᠭᠡᠯᠡᠯ᠂ ᠵᠢᠷᠤᠭ᠂ ᠰᠢᠩᠭᠡᠭᠡᠯᠲᠡ ᠶᠢ ᠨᠸᠲ ᠢᠶᠡᠷ ᠰᠠᠴᠤᠵᠤ ᠳᠡᠯᠡᠬᠡᠢ ᠶᠢᠨ ᠡᠯ᠎ᠠ ᠪᠦᠰᠡ ᠨᠤᠲᠤᠭ ᠲᠤ ᠬᠦᠷᠭᠡᠪᠡ᠃

    7 ᠰᠠᠷ᠎ᠠ ᠶᠢᠨ 12 ᠤᠨ ᠡᠳᠦᠷ᠂ 《ᠰᠦᠷᠯᠢᠭ᠌ ᠶᠡᠬᠡᠮᠰᠦᠭ ᠦᠪᠦᠷ ᠮᠣᠩᠭᠣᠯ ᠦᠵᠡᠰᠭᠦᠯᠡᠩᠲᠤ ᠰᠠᠶᠢᠬᠠᠨ ᠦᠵᠡᠮᠵᠢ ᠶᠢᠨ ᠤᠷᠤᠨ - ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ》 ᠨᠸᠲ ᠤᠨ ᠭᠤᠤᠯ ᠰᠡᠳᠦᠪᠲᠤ ᠰᠤᠷᠪᠤᠯᠵᠢᠯᠠᠬᠤ ᠪᠠᠭ ᠤᠨ ᠬᠢᠨ ᠬᠤᠷᠢᠨᠭᠡᠷ ᠰᠢᠨ᠎ᠠ ᠲᠡᠭᠦᠷᠭᠡ ᠶᠢᠨ ᠬᠠᠮᠢᠶᠠᠷᠤᠯᠳᠠ ᠶᠢᠨ ᠵᠦᠪᠯᠡᠯ ᠳᠤ ᠬᠦᠷᠴᠤ᠂ ᠬᠤᠷᠢᠨᠭᠡᠷ ᠰᠢᠨ᠎ᠠ ᠲᠡᠭᠦᠷᠭᠡ ᠶᠢᠨ ᠲᠦᠯᠦᠪᠵᠢᠭᠦᠯᠭᠡ᠂ ᠨᠡᠭᠡᠭᠡᠯᠲᠡ᠂ ᠪᠦᠲᠦᠭᠡᠨ ᠪᠠᠶᠢᠭᠤᠯᠤᠯᠲᠠ ᠪᠤᠯᠤᠨ ᠬᠦᠭ᠍ᠵᠢᠯᠲᠠ ᠶᠢᠨ ᠰᠡᠳᠭᠢᠮᠵᠢ ᠶᠢ ᠤᠶᠢᠯᠠᠭᠠᠪᠠ᠃ ᠡᠭᠦᠯᠡᠨ ᠪᠤᠳᠤᠯᠳᠠ ᠳᠤᠮᠤ ᠳ᠋ᠠᠶᠢᠲ᠋ᠠ ᠶᠢᠨ ᠰᠢᠨ᠎ᠠ ᠡᠭᠦᠳᠦᠯᠲᠡ ᠶᠢᠨ ᠲᠦᠪ ᠲᠤ ᠲᠠᠶᠢᠯᠪᠤᠷᠢᠯᠠᠭᠴᠢ ᠰᠢᠨ᠎ᠠ ᠡᠭᠦᠳᠦᠯᠲᠡ ᠶᠢᠨ ᠲᠦᠪ ᠤᠨ ᠡᠵᠡᠭ᠍ᠨᠡᠯᠲᠡ ᠶᠢᠨ ᠵᠠᠭᠪᠤᠷ᠂ ᠪᠦᠲᠦᠭᠡᠨ ᠪᠠᠶᠢᠭᠤᠯᠤᠯᠲᠠ ᠶᠢᠨ ᠬᠦᠷᠢᠶ᠎ᠠ ᠴᠡᠷ᠎ᠠ᠂ ᠢᠵᠢ ᠪᠦᠷᠢᠨ ᠲᠦᠬᠦᠭᠡᠷᠦᠮᠵᠢ ᠵᠡᠷᠭᠡ ᠶᠢ ᠲᠠᠶᠢᠯᠪᠤᠷᠢᠯᠠᠨ ᠶᠠᠷᠢᠵᠠᠢ᠃ ᠰᠤᠷᠪᠤᠯᠵᠢᠯᠠᠭ᠎ᠠ ᠶᠢᠨ ᠪᠠᠭ ᠤᠨ ᠬᠢᠨ ᠪᠠᠰᠠ ᠮᠸᠩ ᠽᠤᠤ ᠶᠠᠷᠮᠠᠭ ᠤᠨ ᠬᠦᠷᠢᠶᠡᠯᠡᠩ ᠳᠤ ᠬᠦᠷᠴᠤ᠂ ᠮᠸᠩ ᠽᠤᠤ ᠪᠦᠯᠦᠭᠯᠡᠯ ᠤᠨ ᠠᠮᠢ ᠠᠬᠤᠢ ᠶᠢᠨ ᠤᠷᠴᠢᠨ ᠲᠤᠭᠤᠷᠢᠨ ᠳᠡᠬᠢ ᠵᠠᠰᠠᠯᠲᠠ᠂ ᠦᠵᠡᠮᠵᠢ ᠶᠢᠨ ᠨᠤᠭᠤᠭᠠᠷᠠᠭᠤᠯᠤᠯᠲᠠ ᠵᠡᠷᠭᠡ ᠲᠠᠯ ᠠ ᠳᠤ ᠬᠢᠭ᠍ᠰᠡᠨ ᠠᠵᠢᠯ ᠪᠤᠯᠤᠨ ᠤᠯᠤᠭᠰᠠᠨ ᠠᠮᠵᠢᠯᠲᠠ ᠶᠢᠨ ᠲᠠᠯ᠎ᠠ ᠪᠡᠷ ᠤᠶᠢᠯᠠᠭᠠᠪᠠ᠃

    ᠳᠠᠷᠠᠭᠠᠴᠢ ᠪᠡᠷ 《ᠰᠦᠷᠯᠢᠭ᠌ ᠶᠡᠬᠡᠮᠰᠦᠭ ᠦᠪᠦᠷ ᠮᠣᠩᠭᠣᠯ ᠦᠵᠡᠰᠭᠦᠯᠡᠩᠲᠤ ᠰᠠᠶᠢᠬᠠᠨ ᠦᠵᠡᠮᠵᠢ ᠶᠢᠨ ᠤᠷᠤᠨ - ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ》 ᠨᠸᠲ ᠤᠨ ᠭᠤᠤᠯ ᠰᠡᠳᠦᠪᠲᠤ ᠰᠤᠷᠪᠤᠯᠵᠢᠯᠠᠬᠤ ᠪᠠᠭ ᠤᠨ ᠬᠢᠨ ᠤᠯᠠᠭᠠᠨᠴᠠᠪ ᠬᠤᠳᠠ᠂ ᠪᠤᠭᠤᠲᠤ ᠬᠤᠲᠠ ᠪᠤᠯᠤᠨ ᠤᠷᠳᠤᠰ ᠬᠤᠲᠠ ᠢᠶᠡᠷ ᠭᠦᠷᠴᠦ᠂ ᠬᠤᠲᠠ ᠶᠢᠨ ᠵᠡᠭᠡᠯᠢ ᠭᠤᠳᠤᠮᠵᠢ᠂ ᠨᠡᠶᠢᠭᠡᠮ ᠲᠡᠭᠦᠷᠭᠡ᠂ ᠬᠦᠳᠡᠭᠡ ᠤᠷᠤᠨ ᠨᠤᠲᠤᠭ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ᠂ ᠡᠯᠡᠰᠦᠨ ᠴᠦᠯ᠂ ᠲᠠᠯ᠎ᠠ ᠨᠤᠲᠤᠭ ᠢᠶᠡᠷ ᠰᠤᠷᠪᠤᠯᠵᠢᠯᠠᠵᠦ᠂ ᠬᠠᠮᠤᠭ ᠤᠨ ᠲᠡᠷᠢᠭᠦᠨ ᠤ ᠢᠨᠲ᠋ᠸᠷᠨ᠋ᠸᠲ ᠤᠯᠠᠮᠵᠢᠯᠠᠭ᠎ᠠ ᠶᠢᠨ ᠮᠡᠷᠭᠡᠵᠢᠯ ᠢᠶᠡᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 70 ᠵᠢᠯ ᠤᠨ ᠲᠤᠷᠰᠢᠬᠢ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠠᠤᠭ᠎ᠠ ᠠᠮᠵᠢᠯᠲᠠ ᠪᠤᠯᠤᠨ ᠲᠡᠤᠬᠡᠲᠤ ᠴᠢᠨᠠᠷᠲᠠᠢ ᠬᠤᠪᠢᠷᠠᠯᠲᠠ ᠶᠢ ᠪᠢᠴᠢᠭᠯᠡᠬᠦ ᠪᠤᠯᠤᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121319445