蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ 50 ᠬᠦᠷᠢᠶᠡᠯᠡᠩ (ᠰᠠᠭᠤᠷᠢᠨ) ᠤᠯᠤᠰ ᠲᠠᠶᠠᠭᠠᠷ ᠤᠨ ᠠᠩᠬᠠᠨ ᠤ ᠪᠦᠯᠦᠭ ᠬᠦᠳᠡᠬᠡ ᠲᠤᠰᠬᠤᠨ ᠤ ᠠᠳᠠᠯ ᠪᠤᠰᠬᠠᠬᠤ ᠰᠢᠨ᠎ᠡ ᠶᠢ ᠡᠬᠦᠳᠬᠦ ᠬᠦᠷᠢᠶᠡᠯᠡᠩ ( ᠰᠠᠭᠤᠷᠢᠨ )  ᠳᠤ ᠰᠤᠩᠭ᠋ᠤᠭᠳᠠᠪᠠ

2017-07-17 17:37

    ᠤᠶᠢᠷ᠎ᠠ ᠳᠤ᠂ ᠬᠦᠳᠡᠬᠡ ᠠᠵᠤ ᠠᠬᠤᠢ ᠶᠢᠨ ᠶᠠᠮᠤᠨ ᠤᠯᠤᠰ ᠲᠠᠶᠠᠭᠠᠷ ᠤᠨ ᠠᠩᠬᠠᠨ ᠤ ᠪᠦᠯᠦᠭ᠌ ᠬᠦᠳᠡᠬᠡ ᠲᠤᠰᠬᠤᠨ ᠤ ᠠᠳᠠᠯ ᠪᠤᠰᠬᠠᠬᠤ ᠰᠢᠨ᠎ᠡ ᠶᠢ ᠡᠬᠦᠳᠬᠦ ᠬᠦᠷᠢᠶᠡᠯᠡᠩ ( ᠰᠠᠭᠤᠷᠢᠨ) ᠢ ᠨᠡᠶᠢᠳᠡᠯᠡᠪᠡ᠂ ᠦᠪᠦᠷ ᠮᠤᠩᠭ᠋ᠤᠯ ᠡᠴᠡ ᠬᠦᠬᠡᠬᠤᠳᠠ ᠶᠢᠨ ᠿᠦ ᠢ ᠠᠵᠤ ᠦᠢᠯᠡᠳᠪᠦᠷᠢ ᠶᠢᠨ ᠬᠦᠷᠢᠶᠯᠡᠩ᠂ ᠪᠤᠭᠤᠳᠤ ᠬᠤᠳᠠ ᠶᠢᠨ ᠲᠦᠮᠡᠳ ᠪᠠᠷᠠᠭᠤᠨ ᠬᠤᠰᠢᠭᠤᠨ ᠤ ᠤᠳᠤᠬᠢᠴᠢᠯᠠᠭᠰᠠᠨ ᠬᠦᠳᠡᠬᠡ ᠠᠵᠤ ᠠᠬᠤᠢ ᠶᠢᠨ ᠵᠢᠱᠢᠶ᠎ᠡ ᠦᠵᠡᠬᠦᠯᠬᠦ ᠬᠦᠷᠢᠶᠡᠯᠡᠩ ᠵᠡᠷᠬᠡ 50 ᠬᠦᠷᠢᠶᠡᠯᠡᠩ ( ᠰᠠᠭᠤᠷᠢᠨ) ᠵᠢᠬᠰᠠᠭᠠᠭᠳᠠᠬᠰᠠᠨ ᠪᠠᠶᠢᠨ᠎ᠠ᠃

    ᠤᠶᠢᠯᠠᠭᠠᠭᠰᠠᠨ ᠢᠶᠡᠷ᠂ ᠤᠯᠤᠰ ᠲᠠᠶᠠᠭᠠᠷ ᠤᠨ ᠠᠩᠬᠠᠳᠠᠭᠴᠢ ᠬᠦᠳᠡᠬᠡ ᠲᠤᠰᠬᠤᠨ ᠤ ᠠᠳᠠᠯ ᠪᠤᠰᠬᠠᠬᠤ ᠰᠢᠨ᠎ᠡ ᠶᠢ ᠡᠬᠦᠳᠬᠦ ᠬᠦᠷᠢᠶᠡᠯᠡᠩ ( ᠰᠠᠭᠤᠷᠢᠨ)  ᠤᠨ ᠪᠠᠶᠢᠭᠤᠯᠤᠭᠳᠠᠭᠰᠠᠨ ᠨᠢ ᠬᠦᠳᠡᠬᠡ ᠪᠠᠭᠤᠬᠰᠠᠨ ᠂ ᠬᠦᠳᠡᠬᠡ ᠳᠤ ᠪᠠᠨ ᠪᠤᠴᠠᠬᠰᠠᠨ ᠪᠠ ᠲᠤᠬᠠᠢ ᠶᠢᠨ ᠭᠠᠵᠠᠷ ᠤᠨ ᠢᠷᠭᠡᠳ ᠲᠤ ᠠᠳᠠᠯ ᠪᠤᠰᠬᠠᠨ ᠰᠢᠨ᠎ᠡ ᠶᠢ ᠡᠬᠦᠳᠬᠦ  ᠰᠤᠩᠭ᠋ᠤᠯᠳᠠ ᠬᠢᠬᠦ  ᠳᠤ ᠨᠢ ᠲᠦᠬᠦᠮ ᠲᠦᠳᠡ ᠦᠢᠯᠡᠴᠢᠯᠡᠬᠡ ᠬᠠᠩᠭ᠋ᠠᠬᠤ ᠶᠢᠨ ᠲᠠᠭᠠᠤ ᠠᠳᠠᠯ ᠪᠤᠰᠬᠠᠬᠤ ᠰᠢᠨ᠎ᠡ ᠶᠢ ᠡᠬᠦᠳᠬᠦ ᠲᠦᠰᠦᠯ ᠢ ᠬᠦᠯᠢᠶᠡᠨ ᠠᠪᠬᠤ᠂ ᠠᠳᠠᠯ ᠪᠤᠰᠬᠠᠬᠤ ᠰᠢᠨ᠎ᠡ ᠶᠢ ᠡᠬᠦᠳᠬᠦ ᠬᠦᠮᠦᠰ ᠲᠤ ᠪᠤᠯᠪᠠᠰᠤᠷᠠᠯ ᠬᠦᠷᠳᠡᠬᠡᠬᠦ᠂ ᠬᠠᠮᠢᠶᠠᠷᠤᠯᠳᠠ ᠶᠢᠨ ᠵᠦᠪᠯᠡᠯᠬᠡ ᠥᠭ᠍ᠬᠦ᠂ ᠠᠵᠢᠯ ᠶᠠᠪᠤᠳᠠᠯ ᠢ ᠨᠢ ᠲᠦᠯᠦᠬᠡᠯᠡᠨ ᠭᠦᠢᠴᠡᠳᠭᠡᠬᠦ ᠵᠡᠷᠬᠡ ᠲᠠᠯ᠎ᠠ ᠶᠢᠨ ᠦᠢᠯᠡᠴᠢᠯᠡᠬᠡ ᠬᠠᠩᠭ᠋ᠠᠨ᠎ᠠ᠃

ᠢᠷᠡᠯᠳᠡ᠄ ᠥᠪᠦᠷ ᠮᠣᠩᠭᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121333093