蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠲᠡᠷᠢᠭᠦᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠤᠯᠤᠨ ᠲᠡᠷᠢᠬᠦᠨ ᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠳ᠋ᠤ ᠱᠠᠩᠨᠠᠯ ᠤᠯᠭᠤᠬᠤ ᠠᠵᠢᠯᠯᠠᠭ᠎ᠠ ᠪᠤᠯᠪᠠ

2017-07-18 11:36

    7 ᠰᠠᠷ᠎ᠠ ᠶᠢᠨ 17 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠲᠡᠷᠢᠭᠦᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠤᠯᠤᠨ ᠲᠡᠷᠢᠬᠦᠨ ᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠳ᠋ᠤ ᠱᠠᠩᠨᠠᠯ ᠤᠯᠭᠤᠬᠤ ᠠᠵᠢᠯᠯᠠᠭ᠎ᠠ ᠬᠦᠬᠡᠬᠤᠲᠠ ᠳᠤ ᠶᠠᠪᠤᠭᠳᠠᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠸᠩ ᠶᠠᠷᠢᠶ᠎ᠠ ᠲᠠᠯᠪᠢᠪᠠ᠃

    ᠴᠠᠩ ᠵᠢᠶᠦ᠋ᠨ ᠵᠸᠩ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠲᠤᠷᠰᠢ ᠤᠨᠴᠠᠭᠠᠶᠢᠯᠠᠨ ᠦᠭᠡᠷᠡᠴᠢᠯᠡᠯᠳᠡ ᠬᠢᠵᠤ ᠴᠢᠯᠦᠭᠡᠲᠠᠢ ᠶᠠᠪᠤᠯᠴᠠᠭᠰᠠᠨ ᠡᠴᠡ ᠨᠠᠰᠢ᠂ ᠬᠤᠪᠢ ᠶᠢᠨ ᠡᠵᠡᠩᠨᠡᠯᠲᠡ ᠶᠢᠨ ᠡᠳ᠋ ᠤᠨ ᠵᠠᠰᠠᠭ ᠨᠢ ᠡᠳ᠋ ᠤᠨ ᠵᠠᠰᠠᠭ ᠤᠨ ᠬᠦᠭ᠍ᠵᠢᠯᠲᠡ ᠶᠢ ᠠᠬᠢᠭᠤᠯᠵᠤ᠂ ᠬᠤᠲᠠ ᠪᠠᠯᠭᠠᠰᠤᠨ ᠤ ᠵᠠᠬ᠎ᠠ ᠵᠡᠭᠡᠯᠢ ᠶᠢ ᠲᠡᠭᠦᠯᠳᠡᠷᠵᠢᠭᠦᠯᠦᠨ᠂ ᠠᠵᠢᠯ ᠤᠯᠭᠤᠯᠲᠠ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠳᠦᠭᠦᠮ ᠦᠵᠡᠭᠦᠯᠤᠨ᠂ ᠨᠡᠶᠢᠭᠡᠮ ᠤᠨ ᠠᠮᠤᠷ ᠲᠤᠭᠲᠠᠭᠤᠨ ᠢ ᠪᠠᠲᠤᠯᠠᠬᠤ ᠵᠡᠷᠭᠡ ᠲᠠᠯ᠎ᠠ ᠳᠤ ᠴᠢᠬᠤᠯᠠ ᠨᠦᠯᠦᠭᠡ ᠦᠵᠡᠭᠦᠯᠵᠠᠢ ᠭᠡᠯ ᠠ᠃ ᠲᠡᠷᠡ ᠪᠠᠰᠠ᠂ ᠡᠯ᠎ᠠ ᠪᠦᠰᠡ ᠨᠤᠲᠤᠭ ᠤᠨ ᠡᠯ᠎ᠠ ᠰᠠᠯᠠᠭ᠎ᠠ ᠮᠦᠴᠢᠷ ᠦᠵᠡᠯ ᠰᠠᠨᠠᠭᠠᠨ ᠤ ᠲᠠᠨᠢᠯᠲᠠ ᠪᠡᠨ ᠤᠯᠠᠮ ᠴᠢᠨᠠᠭᠰᠢᠲᠠ ᠲᠡᠭᠡᠭ᠍ᠰᠢᠯᠡᠭᠦᠯᠦᠨ᠂ ᠬᠦᠭ᠍ᠵᠢᠯᠲᠠ ᠶᠢᠨ ᠤᠷᠴᠢᠨ ᠢ ᠤᠯᠠᠮ ᠴᠢᠨᠠᠭᠰᠢᠲᠠ ᠲᠡᠭᠦᠯᠳᠡᠷᠵᠢᠭᠦᠯᠵᠤ᠂ ᠰᠠᠶᠢᠨ ᠰᠠᠶᠢᠬᠠᠨ ᠵᠠᠰᠠᠭ ᠬᠤᠳᠠᠯᠳᠤᠭᠠᠨ ᠤ ᠬᠠᠷᠢᠯᠴᠠᠭ᠎ᠠ ᠶᠢ ᠪᠤᠢ ᠪᠤᠯᠭᠠᠬᠤ ᠶᠢ ᠠᠬᠢᠭᠤᠯᠤᠨ᠂ ᠠᠵᠤ ᠠᠬᠤᠶᠢᠯᠲᠠᠳ ᠤᠨ ᠡᠩᠨᠡᠭᠡ ᠶᠢ ᠴᠢᠩᠭ᠋ᠠᠳᠬᠠᠵᠤ᠂ ᠬᠤᠪᠢ ᠶᠢᠨ ᠡᠵᠡᠩᠨᠡᠯᠲᠡ ᠶᠢᠨ ᠡᠳ᠋ ᠤᠨ ᠵᠠᠰᠠᠭ ᠤᠨ ᠬᠦᠭ᠍ᠵᠢᠯᠲᠠ ᠶᠢ ᠳᠡᠮᠵᠢᠨ᠎ᠠ ᠭᠡᠰᠡᠨ ᠪᠠᠶᠢᠨ᠎ᠠ᠃

    ᠱᠠᠩᠨᠠᠯ ᠤᠯᠭᠤᠬᠤ ᠠᠵᠢᠯᠯᠠᠭ᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠬᠤᠳᠠᠯᠳᠤᠭᠠᠨ ᠤ ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠲᠤᠪᠴᠢᠶ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠤᠪᠢ ᠡᠷᠦᠭᠡ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ᠌ 100 ᠬᠤᠪᠢ ᠢᠢᠨ ᠦᠢᠡᠯᠳᠪᠦᠷᠢ ᠬᠤᠳᠠᠯᠳᠤᠭᠠᠨ ᠤ ᠡᠷᠦᠭᠡ ᠳ᠋ᠦ 《 ᠤᠷᠤᠨ ᠳᠠᠶᠠᠭᠠᠷ ᠤᠨ ᠲᠡᠷᠢᠭᠦᠨ ᠤ ᠬᠤᠪᠢ ᠢᠢᠨ ᠦᠢᠡᠯᠳᠪᠦᠷᠢ ᠬᠤᠳᠠᠯᠳᠤᠭᠠᠨ ᠤ ᠡᠷᠦᠭᠡ》 ᠶ᠋ᠢᠨ ᠢᠷᠠᠭᠤ ᠠᠯᠳᠠᠷ ᠤᠯᠭᠤᠵᠤ᠂ 100 ᠡᠷᠦᠬᠡ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠳᠤ《 ᠤᠷᠤᠨ ᠳᠠᠶᠠᠭᠠᠷ ᠤᠨ ᠲᠠᠷᠢᠭᠦᠨ ᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ》 ᠤᠨ ᠢᠷᠠᠭᠤ ᠠᠯᠳᠠᠷ ᠤᠯᠭᠤᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121337834