蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠷᠠᠳᠢᠣ᠋ ᠨᠡᠪᠲᠡᠷᠡᠬᠦᠯᠬᠡ ᠶᠢᠨ ᠬᠤᠯᠪᠤᠭ᠎ᠠ 《ᠥᠪᠦᠷ ᠮᠣᠩ᠋ᠭᠤᠯ ᠢ ᠰᠤᠨᠤᠰᠬᠤᠢ》ᠠᠵᠢᠯᠯᠠᠭ᠎ᠠ ᠵᠣᠬᠢᠶᠠᠨ ᠪᠠᠶᠢᠭᠤᠯᠪᠠ

2017-07-18 11:56

    7 ᠰᠠᠷ᠎ᠠ ᠶᠢᠨ 17 ᠤ ᠡᠳᠦᠷ᠂ ᠲᠦᠪ ᠤᠨ ᠠᠷᠠᠳ ᠤᠨ ᠷᠠᠳᠢᠣ᠋ ᠨᠡᠪᠲᠡᠷᠡᠬᠦᠯᠬᠡ ᠶᠢᠨ ᠬᠤᠷᠢᠶ᠎ᠠ᠂ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠪᠠ ᠳᠤᠮᠳᠠᠳᠤ ᠤᠯᠤᠰ ᠤᠨ ᠷᠠᠳᠢᠣ᠋ ᠨᠡᠪᠲᠡᠷᠡᠬᠦᠯᠬᠡ ᠶᠢᠨ ᠬᠤᠯᠪᠤᠭᠠᠨ ᠡᠴᠡ ᠬᠠᠮᠳᠤᠷᠠᠨ ᠰᠠᠨᠠᠭᠠᠴᠢᠯᠠᠬᠰᠠᠨ ᠳᠤᠮᠳᠠᠳᠤ ᠤᠯᠤᠰ ᠤᠨ ᠷᠠᠳᠢᠣ᠋ ᠨᠡᠪᠲᠡᠷᠡᠬᠦᠯᠬᠡ ᠶᠢᠨ ᠬᠤᠯᠪᠤᠭᠠᠨ ᠤ 《ᠥᠪᠦᠷ ᠮᠣᠩ᠋ᠭᠤᠯ ᠢ ᠰᠤᠨᠤᠰᠬᠤᠢ》ᠲᠤᠮᠤ ᠬᠡᠯᠪᠡᠷᠢ ᠶᠢᠨ ᠰᠤᠷᠪᠤᠯᠵᠢᠯᠠᠭ᠎ᠠ ᠶᠢᠨ ᠠᠵᠢᠯᠯᠠᠭ᠎ᠠ ᠬᠦᠬᠡᠬᠤᠲᠠ ᠳᠤ ᠡᠬᠢᠯᠡᠪᠡ᠃ ᠤᠯᠤᠰ ᠳᠠᠶᠠᠭᠠᠷ ᠤᠨ ᠡᠯ᠎ᠠ ᠮᠣᠵᠢ ᠶᠢᠨ ᠵᠡᠷᠭᠡᠯᠡᠯ ᠤᠨ ᠷᠠᠳᠢᠣ᠋ ᠨᠡᠪᠲᠡᠷᠡᠬᠦᠯᠬᠡ ᠶᠢᠨ ᠬᠤᠷᠢᠶᠠᠨ ᠤ 50 ᠭᠠᠷᠤᠢ ᠰᠤᠷᠪᠤᠯᠵᠢᠯᠠᠬᠴᠢ ᠡᠬᠢᠯᠡᠯᠲᠠ ᠶᠢᠨ ᠶᠤᠰᠤᠯᠠᠯ ᠳᠤ ᠤᠷᠤᠯᠴᠠᠪᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ 《ᠥᠪᠦᠷ ᠮᠣᠩ᠋ᠭᠤᠯ ᠢ ᠰᠤᠨᠤᠰᠬᠤᠢ》ᠲᠤᠮᠤ ᠬᠡᠯᠪᠡᠷᠢ ᠶᠢᠨ ᠰᠤᠷᠪᠤᠯᠵᠢᠯᠠᠭ᠎ᠠ ᠶᠢᠨ ᠠᠵᠢᠯᠯᠠᠭ᠎ᠠ ᠶᠢ 7 ᠡᠳᠦᠷ ᠶᠠᠪᠤᠭᠳᠠᠭᠤᠯᠬᠤ ᠪᠡᠷ ᠲᠦᠯᠦᠪᠯᠡᠵᠤ᠂ ᠬᠦᠬᠡᠬᠤᠲᠠ- ᠠᠯᠠᠱᠠ᠂ ᠪᠤᠭᠤᠲᠤ- ᠪᠠᠶᠠᠨᠨᠠᠭᠤᠷ᠂ ᠬᠢᠩ᠋ᠭᠠᠨ- ᠲᠦᠩᠯᠢᠶᠤᠤ᠂ ᠤᠯᠠᠭᠠᠨᠴᠠᠪ - ᠤᠷᠳᠤᠰ᠂ ᠦᠬᠠᠢ- ᠬᠦᠯᠦᠨ ᠪᠤᠶᠢᠷ᠂ ᠰᠢᠯᠢ ᠶᠢᠨ ᠭᠤᠤᠯ- ᠤᠯᠠᠭᠠᠨᠬᠠᠲᠠ ᠵᠡᠷᠭᠡ 6 ᠵᠠᠮ ᠰᠤᠭᠤᠮ ᠲᠤᠬᠢᠷᠠᠭᠤᠯᠤᠭᠰᠠᠨ ᠪᠠᠶᠢᠨ᠎ᠠ᠃ ᠰᠤᠷᠪᠤᠯᠵᠢᠯᠠᠬᠴᠢᠳ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ 12 ᠠᠶᠢᠮᠠᠭ ᠬᠤᠲᠠ ᠪᠡᠷ ᠰᠤᠷᠪᠤᠯᠵᠢᠯᠠᠵᠤ ᠶᠠᠪᠤᠬᠤ ᠳᠠᠭᠠᠨ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠪᠠᠶᠢᠭᠤᠯᠤᠭᠳᠠᠬᠰᠠᠨ 70 ᠵᠢᠯ ᠳ᠋ᠡᠬᠢ᠂ ᠤᠨᠴᠠᠭᠠᠶᠢᠯᠠᠨ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠡᠳ᠋ ᠤᠨ ᠵᠠᠰᠠᠭ᠂ ᠰᠤᠶᠤᠯ᠂ ᠨᠡᠶᠢᠬᠡᠮ ᠵᠡᠷᠭᠡ ᠲᠠᠯ᠎ᠠ ᠶᠢᠨ ᠬᠦᠭ᠍ᠵᠢᠯᠲᠠ ᠬᠤᠪᠢᠷᠠᠯᠲᠠ ᠪᠠ ᠬᠢᠯᠡᠯᠵᠠᠬᠰᠠᠨ ᠠᠮᠵᠢᠯᠲᠠ ᠶᠢ ᠤᠯᠠᠨ ᠲᠠᠯ᠎ᠠ ᠡᠴᠡ ᠬᠠᠷᠠᠭᠤᠯᠬᠤ ᠶᠢᠨ ᠵᠡᠷᠭᠡᠴᠡᠭᠡ ᠥᠪᠦᠷ ᠮᠣᠩ᠋ᠭᠤᠯ ᠤᠨ ᠭᠠᠶᠢᠬᠠᠮᠰᠢᠬᠲᠤ ᠦᠯᠢᠭᠡᠷ ᠢ ᠳᠡᠯᠡᠬᠡᠢ ᠳᠠᠶᠠᠭᠠᠷ ᠲᠤ ᠰᠤᠨᠤᠰᠬᠠᠨ᠎ᠠ᠃

ᠢᠷᠡᠯᠳᠡ᠄ ᠥᠪᠦᠷ ᠮᠣᠩ᠋ᠭᠤᠯ ᠤᠨ ᠰᠣᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121337974