蒙古文网站Logo
ᠰᠢᠨᠬᠤᠸᠠ ᠮᠤᠩᠭ᠋ᠤᠯ ᠨᠧᠲ

ᠤᠯᠠᠭᠠᠨᠴᠠᠪ᠄ ᠲᠤᠮᠤ ᠳ᠋ᠠᠶᠢᠲ᠋ᠠ ᠶᠢᠨ ᠠᠳᠠᠯ ᠪᠤᠰᠬᠠᠯᠲᠠ ᠶᠢᠨ ᠬᠦᠭ᠍ᠵᠢᠶᠡᠨᠲᠤ ᠤᠷᠤᠨ

2017-07-19 11:49

    ᠰᠢᠨᠬᠤᠸᠠ ᠨᠸᠲ   ᠤᠯᠠᠭᠠᠨᠴᠠᠪ ᠶᠢᠨ 7 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ( ᠬᠤᠸᠠᠩ ᠬᠤᠤ) ᠶᠠᠭᠤᠨ ᠳᠤ ᠶᠡᠷᠦᠩᠬᠡᠢ ᠵᠠᠬᠢᠷᠭ᠎ᠠ ᠨᠢ ᠪᠡᠭᠡᠵᠢᠩ ᠤᠨ ᠵᠦᠩ ᠭᠤᠸᠠᠨ ᠼᠦᠨ ᠳᠤ ᠪᠠᠶᠢᠷᠢᠯᠠᠭ᠎ᠠ ᠲᠤᠮᠤ ᠳ᠋ᠠᠶᠢᠲ᠋ᠠ ᠶᠢᠨ ᠠᠵᠤ ᠠᠬᠤᠶᠢᠯᠠᠯ ᠡᠴᠡ ᠶᠡᠬᠡ ᠬᠦᠷᠦᠩᠭᠡ ᠤᠷᠤᠭᠤᠯᠤᠨ ᠬᠤᠪᠢᠶᠠᠷᠢ ᠺᠤᠮᠫᠠᠨᠢ ᠪᠡᠨ ᠦᠪᠦᠷ ᠮᠣᠩᠭᠣᠯ ᠤᠨ ᠤᠯᠠᠭᠠᠨᠴᠠᠪ ᠬᠤᠲᠠ ᠳᠤ ᠪᠠᠶᠢᠭᠤᠯᠤᠭᠰᠠᠨ ᠪᠤᠢ?

    18 ᠤ ᠦᠳᠡ ᠶᠢᠨ ᠬᠤᠶᠢᠨ᠎ᠠ᠂ 2017 ᠳᠤᠮᠳᠠᠳᠤ ᠤᠯᠤᠰ ᠤᠨ ᠦᠢᠯᠡᠰ ᠪᠤᠰᠬᠠᠯᠲᠠ ᠰᠢᠨ᠎ᠠ ᠡᠭᠦᠳᠦᠯᠲᠠ ᠶᠢᠨ ᠦᠵᠡᠰᠭᠦᠯᠡᠩ ᠤᠨ ᠤᠬᠠᠭᠠᠯᠢᠭ ᠰᠢᠯᠵᠢᠯᠲᠠ ᠶᠢᠨ ᠡᠭᠦᠯᠡᠡ ᠪᠤᠳᠤᠯᠳᠠ ᠪᠤᠯᠤᠨ ᠰᠢᠨ᠎ᠠ ᠬᠡᠯᠪᠡᠷᠢ ᠶᠢᠨ ᠠᠵᠤ ᠦᠢᠯᠡᠰ ᠤᠨ ᠬᠦᠷᠢᠶᠡᠯᠡᠩ ᠤᠨ ᠲᠡᠭᠡᠲᠤ ᠲᠦᠪᠰᠢᠨ ᠤ ᠹᠤᠷᠦ᠋ᠮ ᠳᠤ᠂ ᠤᠯᠠᠭᠠᠨᠴᠠᠪ ᠤᠨ ᠱᠸᠩ ᠲᠠᠩ ᠳ᠋ᠸ ᠷᠦᠢ ᠰᠤᠷᠠᠭ ᠵᠠᠩᠭᠢ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠯ ᠱᠢ ᠫᠸᠢ ᠱᠸᠩ᠂ ᠠᠵᠤ ᠠᠬᠤᠶᠢᠯᠠᠯ ᠤᠯᠠᠭᠠᠨᠴᠠᠪ ᠳᠤ ᠭᠠᠵᠠᠷᠲᠠᠭᠰᠠᠨ ᠭᠤᠤᠯ ᠰᠢᠯᠲᠠᠭᠠᠨ ᠢ ᠤᠷᠴᠢᠨ ᠲᠤᠭᠤᠷᠢᠨ᠂ ᠡᠬᠢ ᠪᠠᠶᠠᠯᠢᠭ᠂ ᠪᠦᠰᠡ ᠨᠤᠲᠤᠭ ᠵᠡᠷᠭᠡ ᠭᠤᠷᠪᠠᠨ ᠲᠠᠯ᠎ᠠ ᠡᠴᠡ ᠪᠤᠯᠤᠯ᠎ᠠ ᠭᠡᠵᠤ ᠲᠠᠶᠢᠯᠪᠤᠷᠢᠯᠠᠯ᠎ᠠ᠃ ᠤᠷᠴᠢᠨ ᠲᠤᠭᠤᠷᠢᠨ ᠢᠶᠡᠷ ᠠᠪᠴᠤ ᠦᠵᠡᠪᠡᠯ᠂ ᠤᠯᠠᠭᠠᠨᠴᠠᠪ ᠶᠢᠨ ᠵᠢᠯ ᠤᠨ ᠳᠤᠮᠳᠠᠴᠢ ᠠᠭᠠᠷ ᠤᠨ ᠳᠤᠯᠠᠭᠠᠨ 0 ᠡᠴᠡ 18 ᠭᠷᠠᠳ᠋ᠦ᠋ᠰ ᠤᠨ ᠬᠤᠭᠤᠷᠤᠨᠲᠤ ᠪᠠᠶᠢᠳᠠᠭ ᠪᠤᠯᠬᠤᠷ ᠲᠤᠮᠤ ᠳ᠋ᠠᠶᠢᠲ᠋ᠠ ᠶᠢᠨ ᠡᠷᠴᠢᠮ ᠬᠦᠴᠤᠨ ᠤ ᠵᠠᠷᠤᠴᠠᠭᠤᠯᠤᠯᠭ᠎ᠠ ᠶᠢ ᠪᠠᠭᠠᠰᠬᠠᠵᠤ ᠴᠢᠳᠠᠨ᠎ᠠ᠃ ᠪᠦᠰᠡ ᠨᠤᠲᠤᠭ ᠢᠶᠡᠷ ᠠᠪᠴᠤ ᠦᠵᠡᠪᠡᠯ᠂ ᠤᠯᠠᠭᠠᠨᠴᠠᠪ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠭᠦᠨ ᠡᠴᠡ ᠤᠷᠤᠭᠤᠯᠵᠤ ᠪᠠᠷᠠᠭᠤᠨᠰᠢ ᠭᠠᠷᠭᠠᠬᠤ ᠢᠢᠨ《 ᠪᠡᠬᠢᠯᠡᠯᠲᠤ ᠬᠦᠭᠦᠷᠭᠡ》 ᠮᠦᠨ᠃ ᠡᠬᠢ ᠪᠠᠶᠠᠯᠢᠭ ᠢᠶᠡᠷ ᠠᠪᠴᠤ ᠦᠵᠡᠪᠡᠯ᠂ ᠴᠠᠬᠢᠯᠭᠠᠨ ᠬᠦᠴᠦᠨ ᠤ ᠡᠬᠢ ᠪᠠᠶᠠᠯᠢᠭ ᠡᠯᠪᠡᠭ᠌᠃

    ᠤᠶᠢᠯᠠᠭᠠᠭᠰᠠᠨ ᠢᠶᠡᠷ᠂ ᠲᠤᠰ ᠺᠤᠮᠫᠠᠨᠢ ᠶᠢᠨ ᠡᠭᠦᠳᠦᠭᠰᠡᠨ ᠬᠤᠸᠠ ᠲᠠᠩ ᠲᠤᠮᠤ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠬᠤ ᠰᠠᠭᠤᠷᠢᠨ ᠦᠨᠦ ᠵᠢᠯ ᠤᠨ 5 ᠰᠠᠷ᠎ᠠ ᠶᠢᠨ 3 ᠤ ᠡᠳᠦᠷ ᠠᠯᠪᠠᠨ ᠶᠤᠰᠤᠭᠠᠷ ᠤᠯᠠᠭᠠᠨᠴᠠᠪ ᠲᠤ ᠡᠬᠢᠯᠡᠪᠡ᠃ ᠺᠤᠮᠫᠠᠨᠢ ᠶᠢᠨ ᠶᠡᠷᠦᠩᠬᠡᠢ ᠵᠠᠬᠢᠷᠭ᠎ᠠ ᠨᠢ ᠪᠡᠭᠡᠵᠢᠩ ᠤᠨ ᠵᠦᠩ ᠭᠤᠸᠠᠨ ᠼᠦᠨ ᠳᠤ ᠪᠠᠢᠢᠳᠠᠬ᠂ ᠲᠤᠰ ᠺᠤᠮᠫᠠᠨᠢ ᠪᠤᠯ ᠪᠠᠶᠢᠯᠳᠤᠬᠤ ᠪᠤᠳᠤᠯᠭ᠎ᠠ ᠶᠢᠨ ᠰᠢᠨ᠎ᠠ ᠬᠡᠯᠪᠡᠷᠢ ᠶᠢᠨ ᠠᠵᠤ ᠦᠢᠯᠡᠰ ᠤᠨ ᠬᠦᠷᠢᠶ᠎ᠠ ᠴᠡᠷ ᠠ ᠳᠡᠬᠢ ᠰᠤᠳᠤᠯᠤᠨ ᠦᠢᠯᠡᠳᠬᠦ᠂ ᠦᠨᠳᠦᠷ ᠮᠡᠷᠭᠡᠵᠢᠯᠲᠤ ᠴᠢᠳᠠᠪᠤᠷᠢᠳᠠᠨ ᠤ ᠨᠦᠬᠡᠴᠡ ᠬᠦᠮᠦᠵᠢᠭᠦᠯᠬᠦ᠂ ᠬᠤᠲᠠ ᠶᠢᠨ ᠪᠠᠶᠢᠯᠳᠤᠬᠤ ᠪᠤᠳᠤᠯᠭ᠎ᠠ ᠶᠢᠨ ᠰᠢᠨ᠎ᠠ ᠬᠡᠯᠪᠡᠷᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠰᠡ ᠶᠢᠨ ᠬᠦᠮᠦᠨ ᠤ ᠨᠦᠬᠡᠴᠡ ᠶᠢᠨ ᠳᠡᠳ᠋ ᠪᠦᠲᠦᠴᠡ ᠶᠢᠨ ᠪᠦᠲᠦᠭᠡᠨ ᠪᠠᠶᠢᠭᠤᠯᠤᠯᠲᠠ᠂ ᠤᠶᠢᠯᠠᠴᠢᠯᠡᠭᠡ ᠶᠢ ᠭᠠᠳᠠᠭᠰᠢ ᠳᠠᠭᠠᠭᠠᠴᠢᠯᠠᠬᠤ ᠦᠢᠯᠡᠴᠢᠯᠡᠭᠡ ᠶᠢ ᠲᠤᠰᠬᠤ ᠪᠠ ᠡᠵᠡᠩᠨᠡᠬᠦ ᠶᠢ ᠨᠢᠭᠡ ᠴᠤᠭᠴᠠᠯᠠᠭᠰᠠᠨ ᠶᠡᠷᠦᠩᠬᠡᠶᠢᠯᠡᠭᠰᠡᠨ ᠴᠢᠨᠠᠷᠲᠠᠢ ᠪᠦᠯᠦᠭᠯᠡᠯ ᠺᠤᠮᠫᠠᠨᠢ ᠮᠦᠨ᠃

ᠱᠸᠩ ᠲᠠᠩ ᠳ᠋ᠸ ᠷᠦᠢ ᠰᠤᠷᠠᠭ ᠵᠠᠩᠭᠢ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠯ ᠱᠢ ᠫᠸᠢ ᠱᠸᠩ

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121344737