蒙古文网站Logo
ᠰᠢᠨᠬᠤᠸᠠ ᠮᠤᠩᠭ᠋ᠤᠯ ᠨᠧᠲ

ᠲᠠᠯ᠎ᠠ ᠨᠤᠲᠤᠭ ᠤᠨ ᠦᠷᠡᠰ ᠤᠨ ᠲᠡᠭᠦᠯᠢᠨ ᠨᠢᠰᠬᠦ ᠬᠦᠰᠡᠯ

2017-07-20 11:49

  

    7 ᠰᠠᠷ᠎ᠠ ᠶᠢᠨ 18 ᠤ ᠡᠳᠦᠷ ᠤᠨ 7᠄ 25 ᠴᠠᠭ ᠲᠤ᠂ B-1458 ᠨᠢᠰᠦᠯᠭᠡ ᠶᠢᠨ ᠳ᠋ᠤᠭᠠᠷ ᠲᠠᠢ ᠨᠢᠰᠬᠦ ᠤᠩ᠋ᠭᠤᠴᠠ ᠴᠠᠭᠠᠨ ᠰᠤᠪᠤᠷᠭ᠎ᠠ ᠨᠢᠰᠬᠦ ᠤᠩᠭ᠋ᠤᠴᠠᠨ ᠤ ᠪᠠᠭᠤᠳᠠᠯ ᠳᠤ ᠭᠠᠵᠠᠷᠲᠠᠪᠠ᠂ ᠡᠨᠡ ᠨᠢ ᠤᠯᠠᠨ ᠤᠯᠤᠰ ᠤᠨ ᠠᠭᠠᠷ ᠠᠶᠠᠯᠠᠯ ᠤᠨ ᠦᠪᠦᠷ ᠮᠣᠩᠭᠣᠯ ᠤᠨ ᠬᠤᠪᠢᠶᠠᠷᠢ ᠺᠤᠮᠫᠠᠨᠢ ᠶᠢᠨ ᠨᠢᠰᠬᠦ ᠤᠩᠭ᠋ᠤᠴᠠᠨ ᠤ ᠪᠠᠭ ᠤᠨ ᠬᠢᠨ ᠳᠤ ᠰᠢᠨ᠎ᠠ ᠭᠡᠰᠢᠭᠦᠨ ᠨᠡᠮᠡᠭᠳᠡᠭᠰᠡᠨ ᠢ ᠬᠠᠷᠠᠭᠤᠯᠤᠯ᠎ᠠ᠃ ᠤᠶᠢᠯᠠᠭᠠᠭᠰᠠᠨ ᠢᠶᠡᠷ᠂ ᠡᠨᠡ ᠪᠤᠯ ᠲᠤᠰ ᠺᠤᠮᠫᠠᠨᠢ ᠶᠢᠨ 2014 ᠤᠨ ᠤ 1 ᠰᠠᠷ᠎ᠠ ᠶᠢᠨ 8 ᠤ ᠡᠳᠦᠷ  ᠠᠩᠬᠠᠨ ᠤ ᠠᠶᠠᠯᠠᠯ ᠢᠶᠡᠨ ᠡᠬᠢᠯᠡᠭᠦᠯᠦᠭᠰᠡᠨ ᠡᠴᠡ ᠨᠠᠰᠢᠬᠢ ᠠᠮᠸᠷᠢᠺᠡ ᠶᠢᠨ ᠪᠦᠸᠸᠶ᠊ᠢᠨ ᠺᠤᠮᠫᠠᠨᠢ ᠡᠴᠡ ᠬᠤᠳᠠᠯᠳᠤᠨ ᠠᠪᠤᠭᠰᠠᠨ ᠬᠤᠶᠠᠳᠡᠬᠢ ᠨᠢᠰᠬᠦ ᠤᠩᠭ᠋ᠤᠴᠠ ᠪᠤᠯᠤᠨ᠎ᠠ᠃ ᠰᠢᠨ᠎ᠠ ᠨᠢᠰᠬᠦ ᠤᠩᠭ᠋ᠤᠴᠠ ᠨᠡᠮᠡᠭᠳᠡᠭᠰᠡᠨ ᠢᠶᠡᠷ ᠲᠤᠰ ᠺᠤᠮᠫᠠᠨᠢ ᠨᠡᠶᠢᠲᠡ 7 ᠨᠢᠰᠬᠦ ᠤᠩᠭ᠋ᠤᠴᠠ ᠲᠠᠢ ᠪᠤᠯᠪᠠ᠃ ᠰᠢᠨ᠎ᠠ ᠨᠢᠰᠬᠦ ᠤᠩᠭ᠋ᠤᠴᠠ 7 ᠰᠠᠷ᠎ᠠ ᠶᠢᠨ 20 ᠤ ᠡᠳᠦᠷ ᠡᠴᠡ ᠡᠬᠢᠯᠡᠨ ᠬᠦᠬᠡᠬᠤᠲᠠ - ᠢᠷᠭᠠᠢ - ᠬᠠᠶᠢᠺᠸᠤ ᠴᠢᠭᠯᠡᠯ ᠤᠨ ᠠᠭᠠᠷ ᠠᠶᠠᠯᠠᠯ ᠤᠨ ᠱᠤᠭᠤᠮ ᠳᠤ ᠨᠡᠪᠲᠡᠷᠡᠬᠦ ᠪᠤᠯᠤᠨ᠎ᠠ᠃ ᠨᠢᠰᠬᠦ ᠤᠩᠭ᠋ᠤᠴᠠ ᠤᠭᠲᠤᠬᠤ ᠪᠠᠭ ᠤᠨ ᠬᠢᠨ ᠳᠤ ᠰᠦᠨᠢᠳ ᠪᠠᠷᠠᠭᠤᠨ ᠬᠤᠰᠢᠭᠤᠨ ᠤ ᠮᠣᠩᠭᠣᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ 14 ᠰᠤᠷᠤᠭᠴᠢ ᠬᠦᠷᠦᠯᠴᠡᠨ ᠢᠷᠡᠵᠤ ᠡᠨᠡᠬᠦ ᠴᠠᠭ ᠮᠦᠴᠡ ᠶᠢ ᠬᠠᠮᠲᠤᠪᠠᠷ ᠳᠡᠮᠳᠡᠭᠯᠡᠬᠦ ᠶᠢᠨ ᠳᠠᠭᠠᠤ ᠨᠢᠰᠬᠦ ᠤᠩᠭ᠋ᠤᠴᠠᠨ ᠤ ᠪᠠᠭ ᠤᠨ ᠬᠢᠨ ᠤ ᠳᠠᠭᠠᠭᠤᠯᠭ᠎ᠠ ᠪᠡᠷ ᠨᠢᠰᠬᠦ ᠤᠩᠭ᠋ᠤᠴᠠᠨ ᠤ ᠥᠷᠦᠭᠡᠨ ᠳᠤ ᠤᠷᠤᠵᠤ ᠭᠦᠨᠵᠡᠭᠡᠢ ᠠᠰᠠᠭᠤᠨ ᠤᠶᠢᠯᠠᠭᠠᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121351522