蒙古文网站Logo
ᠰᠢᠨᠬᠤᠸᠠ ᠮᠤᠩᠭ᠋ᠤᠯ ᠨᠧᠲ

ᠰᠢᠨ᠎ᠠ ᠲᠤᠷᠭᠠᠨ ᠵᠠᠮ · ᠰᠢᠯᠢ ᠵᠢᠨ ᠭᠤᠤᠯ ᠤᠨ ᠪᠡᠯᠴᠢᠬᠡᠷ ᠤᠨ ᠮᠠᠯ ᠠᠵᠤ ᠠᠬᠤᠢ ᠵᠢᠨ ᠰᠢᠨ᠎ᠠ ᠶᠢ ᠡᠬᠦᠳᠬᠦ ᠪᠷᠸᠨ᠋ᠳ᠋ ᠤᠨ ᠦᠵᠡᠬᠦᠯᠦᠯᠭᠡ ᠰᠤᠯᠢᠯᠴᠠᠭᠠᠨ ᠤ ᠴᠤᠬᠯᠠᠭᠠᠨ ᠡᠬᠢᠯᠡᠪᠡ

2017-07-20 11:48

    7 ᠰᠠᠷ᠎ᠠ ᠶᠢᠨ 19 ᠤ ᠡᠳᠦᠷ᠂ 2017 ᠰᠢᠨ᠎ᠠ ᠲᠤᠷᠭᠠᠨ ᠵᠠᠮ · ᠰᠢᠯᠢ ᠵᠢᠨ ᠭᠤᠤᠯ ᠤᠨ ᠪᠡᠯᠴᠢᠬᠡᠷ ᠤᠨ ᠮᠠᠯ ᠠᠵᠤ ᠠᠬᠤᠢ ᠵᠢᠨ ᠰᠢᠨ᠎ᠠ᠎ ᠵᠢ ᠡᠬᠦᠳᠬᠦ ᠪᠷᠸᠨ᠋ᠳ᠋ ᠤᠨ ᠦᠵᠡᠬᠦᠯᠦᠯᠭᠡ ᠰᠤᠯᠢᠯᠴᠠᠭᠠᠨ ᠤ ᠴᠤᠬᠯᠠᠭᠠᠨ ᠰᠢᠯᠢᠩᠬᠤᠳᠠ ᠵᠢᠨ ᠬᠤᠷᠠᠯ ᠦᠵᠡᠰᠬᠦᠯᠡᠩ ᠤᠨ ᠲᠦᠪ ᠲᠦ ᠡᠬᠢᠯᠡᠵᠡᠢ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠪᠠᠢ ᠰᠢᠶᠠᠩ ᠴᠢᠶᠦ᠋ᠨ ᠦᠵᠡᠬᠦᠯᠦᠯᠭᠡ ᠰᠤᠯᠢᠯᠴᠠᠭᠠᠨ ᠤ ᠴᠤᠬᠯᠠᠭᠠᠨ ᠤ ᠡᠬᠢᠯᠡᠯᠳᠠ ᠶᠢᠨ ᠶᠤᠰᠤᠯᠠᠯ ᠳᠤ ᠤᠷᠤᠯᠴᠠᠪᠠ᠃

    ᠲᠤᠰ ᠤᠳᠠᠭᠠᠨ ᠤ ᠦᠵᠡᠬᠦᠯᠦᠯᠭᠡ ᠰᠤᠯᠢᠯᠴᠠᠭᠠᠨ ᠤ ᠴᠤᠬᠯᠠᠭᠠᠨ ᠨᠢ《 ᠲᠠᠯ᠎ᠠ ᠨᠤᠳᠤᠭ ᠤᠨ ᠰᠢᠨ᠎ᠠ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢ ᠪᠠᠢᠢᠭᠤᠯᠵᠦ᠂ ᠪᠡᠯᠴᠢᠬᠡᠷ ᠤᠨ ᠮᠠᠯ ᠠᠵᠤ ᠠᠬᠤᠢ ᠵᠢᠨ ᠰᠢᠨ᠎ᠠ ᠵᠢ ᠡᠬᠦᠳᠬᠦ ᠪᠷᠸᠨ᠋ᠳ᠋ ᠢ ᠪᠤᠢ ᠪᠤᠯᠭᠠᠵᠤ᠂ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠦᠷ᠎ᠠ ᠪᠦᠳᠦᠭᠡᠯ ᠢ ᠤᠨᠳᠤᠤᠰᠢᠭᠤᠯᠬᠤ ᠰᠤᠯᠢᠯᠴᠠᠭ᠎ᠠ ᠵᠢ ᠠᠬᠢᠭᠤᠯᠬᠤ》 ᠪᠡᠷ ᠭᠤᠤᠯ ᠰᠡᠳᠦᠪ ᠪᠤᠯᠭᠠᠵᠦ᠂ ᠤᠳᠤ ᠦᠶ᠎ᠠ ᠵᠢᠨ ᠮᠠᠯ ᠠᠵᠤ ᠠᠬᠤᠢ ᠵᠢᠨ ᠲᠤᠨᠤᠬ ᠲᠦᠬᠦᠭᠡᠷᠤᠮᠵᠢ ᠶᠢ ᠳᠡᠯᠭᠡᠨ ᠦᠵᠡᠬᠦᠯᠬᠦ ᠵᠢᠴᠢ ᠰᠤᠯᠢᠯᠴᠠᠭ᠎ᠠ᠂ ᠠᠮᠢᠳᠤ ᠮᠠᠯ ᠵᠢᠴᠢ ᠡᠪᠡᠰᠦᠨ ᠤ ᠪᠦᠳᠦᠭᠡᠭ᠍ᠳᠡᠬᠦᠨ ᠤ ᠰᠤᠳᠤᠨ ᠪᠦᠳᠦᠭᠡᠭ᠍ᠳᠡᠬᠦᠨ ᠤ ᠦᠵᠡᠬᠦᠯᠦᠯᠭᠡ ᠵᠢᠴᠢ ᠰᠤᠯᠢᠯᠴᠠᠭ᠎ᠠ᠂ ᠴᠠᠬᠢᠮ ᠬᠤᠳᠠᠯᠳᠤᠭ᠎ᠠ ᠪᠠ ᠮᠡᠳᠡᠭᠡ ᠵᠠᠩᠬᠢ ᠵᠢᠨ ᠲᠠᠪᠴᠠᠩ ᠤᠨ ᠦᠵᠡᠬᠦᠯᠦᠯᠭᠡ ᠵᠢᠴᠢ ᠰᠤᠯᠢᠯᠴᠠᠭ᠎ᠠ ᠵᠡᠷᠭᠡ ᠵᠢ ᠡᠷᠬᠢᠯᠡᠨ ᠶᠠᠪᠤᠭᠳᠠᠭᠤᠯᠵᠠᠢ᠃ ᠲᠤᠰ ᠤᠳᠠᠭᠠᠨ ᠤ ᠴᠤᠬᠯᠠᠭᠠᠨ 3 ᠡᠳᠦᠷ ᠶᠠᠪᠤᠭᠳᠠᠵᠦ᠂ ᠤᠷᠤᠨ ᠤ ᠲᠤᠳᠤᠨ᠎ᠠ ᠭᠠᠳᠠᠨᠠᠬᠢ ᠵᠢᠴᠢ ᠮᠤᠩᠭ᠋ᠤᠯ ᠤᠯᠤᠰ ᠤᠨ ᠵᠠᠰᠠᠭ ᠤᠨ ᠭᠠᠵᠠᠷ᠂ ᠮᠠᠯ ᠠᠵᠤ ᠠᠬᠤᠢ ᠶᠢᠨ ᠬᠦᠷᠢᠶᠡᠨ ᠤ ᠠᠵᠤ ᠠᠬᠤᠢᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠢᠢᠭᠤᠯᠤᠮᠵᠢ ᠤᠷᠤᠯᠴᠠᠵᠠᠢ᠃ ᠲᠤᠰ ᠬᠤᠭᠤᠴᠠᠭᠠᠨ ᠳ᠋ᠦ ᠪᠠᠰᠠ ᠮᠠᠯ ᠠᠵᠤ ᠠᠬᠤᠢ ᠵᠢᠨ ᠳᠡᠭᠡᠳᠦ ᠰᠢᠨ᠎ᠠ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠵᠢᠴᠢ ᠳᠡᠭᠡᠳᠦ ᠲᠡᠰ ᠲᠠᠪᠬᠤᠷᠭ᠎ᠠ ᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠷᠢᠶᠠᠨ ᠤ ᠲᠠᠪᠴᠠᠩ ᠢ ᠡᠷᠬᠢᠯᠡᠨ ᠶᠠᠪᠤᠭᠳᠠᠭᠤᠯᠤᠨ᠎ᠠ᠃ ᠡᠬᠦᠨ ᠤ ᠵᠡᠷᠭᠡᠪᠡᠷ᠂ ᠪᠡᠯᠴᠢᠬᠡᠷ ᠤᠨ ᠮᠠᠯ ᠠᠵᠤ ᠠᠬᠤᠢ ᠵᠢᠨ ᠰᠢᠨ᠎ᠠ ᠵᠢ ᠡᠬᠦᠳᠬᠦ ᠪᠷᠸᠨ᠋ᠳ᠋ ᠤᠨ ᠤᠯᠠᠨ ᠨᠡᠢᠢᠳᠡ ᠵᠢᠨ ᠦᠢᠯᠡᠴᠢᠯᠡᠭᠡᠨ ᠤ ᠲᠠᠪᠴᠠᠩ ᠪᠠ ᠲᠤᠰ ᠭᠠᠵᠠᠷ ᠤᠨ ᠴᠠᠬᠢᠮ ᠬᠤᠳᠠᠯᠳᠤᠭᠠᠨ ᠤ ᠲᠠᠪᠴᠠᠩ ᠢᠶᠡᠷ ᠰᠠᠭᠤᠷᠢ ᠪᠤᠯᠭᠠᠵᠦ᠂ ᠤᠷᠤᠨ ᠤ ᠲᠤᠳᠤᠨ᠎ᠠ ᠭᠠᠳᠠᠨᠠᠬᠢ ᠡᠯ᠎ᠠ ᠮᠠᠯ ᠠᠵᠤ ᠠᠬᠤᠢ ᠵᠢᠨ ᠪᠦᠳᠦᠭᠡᠭ᠍ᠳᠡᠬᠦᠨ ᠤ ᠬᠤᠯᠪᠤᠭᠳᠠᠯ ᠪᠦᠬᠦᠢ ᠴᠠᠬᠢᠮ ᠬᠤᠳᠠᠯᠳᠤᠭᠠᠨ ᠤ ᠲᠠᠪᠴᠠᠩ ᠲᠠᠢ ᠦᠷᠭᠡᠨ ᠵᠢᠡᠷ ᠬᠠᠮᠳᠤᠷᠠᠯᠴᠠᠵᠦ᠂ ᠤᠬᠠᠭᠤᠯᠤᠨ ᠳᠡᠯᠭᠡᠷᠡᠬᠦᠯᠬᠦ᠂ ᠪᠦᠳᠦᠭᠡᠭ᠍ᠳᠡᠬᠦᠨ ᠤ ᠨᠸᠲ ᠪᠤᠷᠤᠯᠠᠭᠤᠯᠭ᠎ᠠ ᠶᠢ ᠠᠬᠢᠭᠤᠯᠬᠤ᠂ ᠴᠠᠬᠢᠮ ᠬᠤᠳᠠᠯᠳᠤᠭᠠᠨ ᠤ ᠳᠡᠯᠭᠡᠨ ᠦᠵᠡᠬᠦᠯᠦᠯᠭᠡ ᠵᠡᠷᠭᠡ ᠠᠵᠢᠯᠯᠠᠭ᠎ᠠ ᠵᠢ ᠶᠠᠪᠤᠭᠳᠠᠭᠤᠯᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121351541