蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ - ᠢᠷᠭᠠᠢ - ᠬᠠᠶᠢᠺᠸᠤ ᠴᠢᠭᠯᠡᠯ ᠤᠨ ᠠᠭᠠᠷ ᠠᠶᠠᠯᠠᠯ ᠤᠨ ᠱᠤᠭᠤᠮ ᠨᠡᠪᠲᠡᠷᠡᠬᠦᠯᠪᠡ

2017-07-21 11:21

    ᠰᠢᠨᠬᠤᠸᠠ ᠬᠤᠷᠢᠶ᠎ᠠ   ᠬᠦᠬᠡᠬᠤᠲᠠ ᠶᠢᠨ 7 ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠢᠦᠢ ᠵᠢᠶᠠ) 153 ᠠᠶᠠᠨᠴᠢᠨ ᠠᠴᠢᠭᠰᠠᠨ ᠪᠸᠤᠶ᠊ᠢᠩ 737 ᠠᠶᠠᠨᠴᠢᠳ ᠤᠨ ᠨᠢᠰᠬᠦ ᠤᠩᠭ᠋ᠤᠴᠠ 20 ᠤ ᠡᠳᠦᠷ ᠤᠨ 12᠄ 13 ᠴᠠᠭ ᠲᠤ ᠬᠦᠬᠡᠬᠤᠲᠠ ᠶᠢᠨ ᠴᠠᠭᠠᠨ ᠰᠤᠷᠪᠤᠭ᠎ᠠ ᠨᠢᠰᠬᠦ ᠤᠩᠭ᠋ᠤᠴᠠᠨ ᠤ ᠪᠠᠭᠤᠳᠠᠯ ᠡᠴᠡ ᠨᠢᠰᠪᠡ᠂ ᠢᠩᠭᠢᠭ᠍ᠰᠡᠨ ᠢᠶᠡᠷ ᠬᠦᠬᠡᠬᠤᠲᠠ - ᠢᠷᠭᠠᠢ - ᠬᠠᠶᠢᠺᠸᠤ ᠴᠢᠭᠯᠡᠯ ᠤᠨ ᠠᠭᠠᠷ ᠠᠶᠠᠯᠠᠯ ᠤᠨ ᠱᠤᠭᠤᠮ ᠵᠢᠩᠬᠢᠨᠢ ᠪᠡᠷ ᠨᠡᠪᠲᠡᠷᠡᠵᠡᠢ ᠃

    ᠤᠶᠢᠯᠠᠭᠠᠭᠰᠠᠨ ᠢᠶᠡᠷ᠂ ᠡᠨᠡᠬᠦ ᠠᠭᠠᠷ ᠠᠶᠠᠯᠠᠯ ᠤᠨ ᠱᠤᠭᠤᠮ ᠢ ᠤᠯᠠᠨ ᠤᠯᠤᠰ ᠤᠨ ᠠᠭᠠᠷ ᠠᠶᠠᠯᠠᠯ ᠤᠨ ᠦᠪᠦᠷ ᠮᠣᠩᠭᠣᠯ ᠳᠡᠬᠢ ᠬᠤᠪᠢᠶᠠᠷᠢ ᠺᠤᠮᠫᠠᠨᠢ ᠶᠢᠨB-1458ᠨᠢᠰᠦᠯᠭᠡ ᠶᠢᠨ ᠳ᠋ᠤᠭᠠᠷ ᠲᠠᠢ ᠨᠢᠰᠬᠦ ᠤᠩᠭ᠋ᠤᠴᠠ ᠡᠭᠦᠷᠭᠡᠯᠡᠨ᠎ᠠ᠃ 176 ᠰᠠᠭᠤᠳᠠᠯ ᠲᠠᠢ᠂ ᠵᠤᠬᠢᠴᠠᠬᠤ ᠴᠢᠳᠠᠮᠵᠢ ᠰᠠᠶᠢᠨ᠂ ᠱᠤᠤᠭᠢᠶᠠᠨ ᠪᠠᠭ᠎ᠠ᠂ ᠲᠤᠰᠤᠨ ᠤ ᠵᠠᠷᠤᠴᠠᠭᠤᠯᠭ᠎ᠠ ᠪᠠᠭ᠎ᠠ᠂ ᠪᠤᠬᠢᠷᠳᠤᠯ ᠦᠭᠡᠢ ᠵᠡᠷᠭᠡ ᠤᠨᠴᠠᠯᠢᠭ ᠲᠠᠢ᠃ ᠡᠨᠡ ᠨᠢ ᠤᠯᠠᠨ ᠤᠯᠤᠰ ᠤᠨ ᠠᠭᠠᠷ ᠠᠶᠠᠯᠠᠯ ᠤᠨ ᠦᠪᠦᠷ ᠮᠣᠩᠭᠣᠯ ᠳᠡᠬᠢ ᠬᠤᠪᠢᠶᠠᠷᠢ ᠺᠤᠮᠫᠠᠨᠢ ᠶᠢᠨ ᠲᠤᠯᠤᠳᠤᠭᠠᠷ ᠨᠢᠰᠬᠦ ᠤᠩᠭ᠋ᠤᠴᠠ ᠮᠦᠨ᠃

    ᠤᠯᠠᠨ ᠤᠯᠤᠰ ᠤᠨ ᠠᠭᠠᠷ ᠠᠶᠠᠯᠠᠯ ᠤᠨ ᠦᠪᠦᠷ ᠮᠣᠩᠭᠣᠯ ᠳᠡᠬᠢ ᠬᠤᠪᠢᠶᠠᠷᠢ ᠺᠤᠮᠫᠠᠨᠢ ᠶᠢᠨ ᠠᠵᠢᠯᠲᠠᠨ ᠲᠠᠨᠢᠯᠴᠠᠭᠤᠯᠤᠭᠰᠠᠨ ᠨᠢ᠂ ᠡᠨᠡᠬᠦ ᠰᠢᠨ᠎ᠠ ᠪᠡᠷ ᠨᠡᠮᠡᠭᠳᠡᠭᠰᠡᠨ ᠠᠭᠠᠷ ᠠᠶᠠᠯᠠᠯ ᠤᠨ ᠱᠤᠭᠤᠮ ᠨᠢ ᠭᠠᠷᠠᠭ ᠲᠤ 7 ᠤᠳᠠᠭᠠᠨ ᠤ ᠨᠢᠰᠦᠯᠭᠡ ᠲᠠᠢ᠂ ᠬᠦᠬᠡᠬᠤᠲᠠ - ᠬᠠᠶᠢᠺᠸᠤ ᠴᠢᠭᠯᠡᠯ ᠳᠤ ᠂ 11᠄ 30 ᠴᠠᠭ ᠲᠤ ᠬᠦᠬᠡᠬᠤᠲᠠ ᠡᠴᠡ ᠨᠢᠰᠴᠤ᠂ 12᠄ 50 ᠴᠠᠭ ᠲᠤ ᠢᠷᠭᠠᠢ ᠳᠤ ᠭᠠᠵᠠᠷᠳᠠᠨ᠂ 13᠄ 35 ᠴᠠᠭ ᠲᠤ ᠢᠷᠭᠠᠢ ᠡᠴᠡ ᠨᠢᠰᠴᠤ 17 ᠴᠠᠭ ᠲᠤ ᠬᠠᠶᠢᠺᠸᠤ ᠳᠤ ᠭᠠᠵᠠᠷᠳᠠᠨ᠎ᠠ ᠃ ᠬᠠᠶᠢᠺᠸᠤ - ᠬᠦᠬᠡᠬᠤᠲᠠ ᠴᠢᠭᠯᠡᠯ ᠳᠤ᠂ 17᠄ 55 ᠴᠠᠭ ᠲᠤ ᠬᠠᠶᠢᠺᠸᠤ ᠡᠴᠡ ᠨᠢᠰᠴᠤ᠂ 21᠄ 25 ᠴᠠᠭ ᠲᠤ ᠢᠷᠭᠠᠢ ᠳᠤ ᠭᠠᠵᠠᠷᠲᠠᠨ᠂ 22᠄ 10 ᠴᠠᠭ ᠲᠤ ᠢᠷᠭᠠᠢ ᠡᠴᠡ ᠨᠢᠰᠴᠤ᠂ 23᠄ 25 ᠴᠠᠭ ᠲᠤ ᠬᠦᠬᠡᠬᠤᠲᠠ ᠳᠤ ᠭᠠᠵᠠᠷᠲᠠᠨ᠎ᠠ᠃

    ᠤᠯᠠᠨ ᠤᠯᠤᠰ ᠤᠨ ᠠᠭᠠᠷ ᠠᠶᠠᠯᠠᠯ ᠤᠨ ᠦᠪᠦᠷ ᠮᠣᠩᠭᠣᠯ ᠳᠡᠬᠢ ᠬᠤᠪᠢᠶᠠᠷᠢ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ ᠸᠠᠨ ᠴᠢᠩ ᠴᠤᠤ ᠲᠠᠨᠢᠯᠴᠠᠭᠤᠯᠤᠭᠰᠠᠨ ᠨᠢ᠂ ᠡᠨᠡᠬᠦ ᠰᠢᠨ᠎ᠠ ᠠᠭᠠᠷ ᠠᠶᠠᠯᠠᠯ ᠤᠨ ᠱᠤᠭᠤᠮ ᠤᠨ ᠨᠡᠪᠳᠡᠷᠡᠭᠰᠡᠨ ᠨᠢ ᠺᠤᠮᠫᠠᠨᠢ ᠶᠢᠨ ᠡᠵᠡᠩᠨᠡᠯᠲᠡ ᠶᠢᠨ ᠬᠦᠴᠦᠨ ᠪᠤᠯᠤᠨ ᠵᠠᠬ᠎ᠠ ᠵᠠᠭᠡᠯᠢ ᠶᠢᠨ ᠦᠷᠢᠰᠦᠯᠳᠦᠬᠦ ᠬᠦᠴᠦᠨ ᠢ ᠨᠡᠮᠡᠭᠳᠡᠭᠦᠯᠵᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠬ ᠨᠡᠶᠢᠭᠡᠮ ᠤᠨ ᠬᠦᠭ᠍ᠵᠢᠯᠲᠠ ᠪᠤᠯᠤᠨ ᠬᠦᠬᠡᠬᠤᠲᠠ ᠶᠢᠨ ᠪᠦᠰᠡ ᠨᠤᠲᠤᠭ ᠤᠨ ᠠᠭᠠᠷ ᠠᠶᠠᠯᠠᠯ ᠤᠨ ᠪᠠᠯᠴᠢᠷ ᠤᠨ ᠪᠦᠲᠦᠭᠡᠨ ᠪᠠᠶᠢᠭᠤᠯᠤᠯᠲᠠ ᠶᠢ ᠤᠯᠠᠮ ᠴᠢᠨᠠᠭᠰᠢᠲᠠ ᠳᠡᠮᠵᠢᠵᠤ᠂ ᠵᠢᠭᠤᠯᠴᠢᠳ ᠤᠨ ᠭᠠᠳᠠᠭᠰᠢ ᠠᠶᠠᠯᠠᠬᠤ ᠬᠡᠷᠡᠭᠴᠡᠭᠡ ᠶᠢ ᠬᠠᠩᠭ᠋ᠠᠬᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121357789