蒙古文网站Logo
ᠰᠢᠨᠬᠤᠸᠠ ᠮᠤᠩᠭ᠋ᠤᠯ ᠨᠧᠲ

ᠤᠳᠤᠬᠢᠴᠢᠯᠠᠭᠰᠠᠨ ᠮᠠᠰᠢᠨ ᠲᠡᠷᠭᠡᠨ ᠤ ᠪᠦᠯᠦᠭᠯᠡᠯ ᠤᠨ ᠡᠯᠡᠰᠤ ᠵᠠᠰᠠᠭᠰᠠᠨ ᠢᠯᠡᠷᠬᠡᠢ ᠠᠮᠵᠢᠯᠲᠠ

2017-07-25 16:17

    7 ᠰᠠᠷ᠎ᠠ ᠶᠢᠨ 22 ᠡᠴᠡ 24 ᠤ ᠡᠳᠦᠷ᠂ ᠤᠳᠤᠬᠢᠴᠢᠯᠠᠭᠰᠠᠨ ᠮᠠᠰᠢᠨ ᠲᠡᠷᠭᠡᠨ ᠤ ᠪᠦᠯᠦᠭᠯᠡᠯ ᠤᠨ《 ᠦᠪᠦᠷ ᠮᠣᠩᠭᠣᠯ ᠤᠨ ᠡᠯᠡᠰᠤ ᠶᠢ ᠵᠠᠰᠠᠭᠰᠠᠨ 10 ᠵᠢᠯ ᠤᠨ ᠬᠡᠪᠯᠡᠯ ᠮᠡᠳᠡᠭᠡᠯᠡᠯ ᠤᠨ ᠬᠢᠨ ᠤ ᠠᠵᠢᠯᠯᠠᠭ᠎ᠠ》ᠦᠪᠦᠷ ᠮᠣᠩᠭᠣᠯ ᠤᠨ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠭᠡ ᠬᠤᠰᠢᠭᠤᠨ ᠤ ᠪᠤᠱᠤᠤᠳᠠᠢ ᠨᠠᠭᠤᠷ ᠤᠨ ᠤᠳᠤᠬᠢᠴᠢᠯᠠᠭᠰᠠᠨ ᠠᠮᠢ ᠠᠬᠤᠢ ᠶᠢᠨ ᠬᠦᠷᠢᠶᠡᠯᠡᠩ ᠳᠤ ᠶᠠᠪᠤᠭᠳᠠᠪᠠ᠃ ᠠᠵᠢᠯᠯᠠᠭ᠎ᠠ ᠳᠤ ᠤᠷᠤᠯᠴᠠᠭᠰᠠᠨ 10 ᠭᠠᠷᠤᠢ ᠬᠡᠪᠡᠯᠡᠯ ᠮᠡᠳᠡᠭᠡᠯᠡᠯ ᠤᠨ ᠬᠢᠨ ᠤᠳᠤᠬᠢᠴᠢᠯᠠᠭᠰᠠᠨ ᠮᠠᠰᠢᠨ ᠲᠡᠷᠭᠡᠨ ᠤ ᠪᠦᠯᠦᠭᠯᠡᠯ ᠵᠢᠴᠢ ᠰᠠᠶᠢᠨ ᠲᠤᠷᠠᠲᠠᠳ᠂ ᠤᠷᠴᠢᠨ ᠲᠤᠭᠤᠷᠢᠨ ᠢ ᠬᠠᠮᠠᠭᠠᠯᠠᠬᠤ ᠡᠲᠡᠭᠡᠳ ᠤᠨ ᠬᠢᠨ ᠤ ᠬᠦᠳᠡᠯᠮᠦᠷᠢ ᠶᠢᠨ ᠦᠷ᠎ᠠ ᠪᠦᠲᠦᠭᠡᠯ ᠢ ᠮᠡᠳᠡᠷᠡᠵᠤ᠂ ᠡᠯᠡᠰᠤ ᠵᠠᠰᠠᠭᠰᠠᠨ ᠤᠯᠤᠯᠲᠠ ᠲᠦᠷᠦᠭᠳᠡᠯ ᠢ ᠨᠢ ᠤᠶᠢᠯᠠᠭᠠᠪᠠ᠃

    ᠤᠶᠢᠯᠠᠭᠠᠭᠰᠠᠨ ᠢᠶᠡᠷ᠂ ᠤᠳᠤᠬᠢᠴᠢᠯᠠᠭᠰᠠᠨ ᠮᠠᠰᠢᠨ ᠲᠡᠷᠭᠡᠨ ᠤ ᠪᠦᠯᠦᠭᠯᠡᠯ 2008 ᠤᠨ ᠡᠴᠡ ᠡᠬᠢᠯᠡᠨ ᠺᠤᠷᠢᠶᠠ ᠤᠯᠤᠰ ᠤᠨ《 ᠠᠮᠢ ᠠᠬᠤᠢ ᠪᠤᠯᠤᠨ ᠡᠩᠬᠡ ᠲᠠᠶᠢᠪᠤᠩ ᠠᠽᠢ ᠲᠢᠪ》ᠤᠷᠴᠢᠨ ᠲᠤᠭᠤᠷᠢᠨ ᠢ ᠬᠠᠮᠠᠭᠠᠯᠠᠬᠤ ᠵᠤᠬᠢᠶᠠᠨ ᠪᠠᠶᠢᠭᠤᠯᠤᠯᠲᠠ ᠪᠤᠯᠤᠨ ᠦᠪᠦᠷ ᠮᠣᠩᠭᠣᠯ ᠤᠨ ᠪᠦᠰᠡ ᠨᠤᠲᠤᠭ ᠤᠨ ᠵᠠᠰᠠᠭ ᠤᠨ ᠤᠷᠳᠤᠨ ᠲᠠᠢ ᠬᠠᠮᠲᠤᠷᠠᠨ᠂ ᠴᠠᠭᠠᠨ ᠨᠠᠭᠤᠷ ᠤᠨ ᠬᠤᠲᠤᠭᠤᠷ ᠤᠨ ᠠᠮᠢ ᠠᠬᠤᠢ ᠶᠢ ᠵᠠᠰᠠᠬᠤ ᠲᠦᠰᠦᠯ ᠢ ᠶᠠᠪᠤᠭᠳᠠᠭᠤᠯᠵᠤ《 ᠦᠪᠦᠷ ᠮᠣᠩᠭᠣᠯ ᠤᠨ ᠡᠯᠡᠰᠤ ᠶᠢ ᠵᠠᠰᠠᠬᠤ》 ᠠᠵᠢᠯᠯᠠᠭ᠎ᠠ ᠶᠢ ᠡᠬᠢᠯᠡᠭᠦᠯᠪᠡ᠃ 10 ᠵᠢᠯ ᠰᠢᠬᠠᠮ ᠬᠤᠭᠤᠴᠠᠭᠠᠨ ᠳᠤ᠂《 ᠴᠠᠭᠠᠨ ᠨᠠᠭᠤᠷ ᠤᠨ ᠬᠤᠵᠢᠷᠯᠢᠬ ᠬᠠᠭᠤᠷᠠᠢ ᠨᠠᠭᠤᠷ ᠤᠨ ᠬᠤᠲᠤᠭᠤᠷ ᠢ ᠵᠠᠰᠠᠬᠤ》 ᠵᠢᠴᠢ《ᠪᠤᠱᠤᠤᠳᠠᠢ ᠨᠠᠭᠤᠷ ᠤᠨ ᠬᠤᠵᠢᠷᠯᠢᠬ ᠬᠠᠭᠤᠷᠠᠢ ᠨᠠᠭᠤᠷ ᠤᠨ ᠬᠤᠲᠤᠭᠤᠷ ᠢ ᠵᠠᠰᠠᠬᠤ》ᠠᠵᠢᠯᠯᠠᠭ᠎ᠠ ᠶᠠᠪᠤᠭᠳᠠᠭᠤᠯᠵᠤ᠂ ᠬᠤᠶᠠᠷ ᠬᠤᠭᠤᠴᠠᠭᠠᠨ ᠤ ᠠᠮᠢ ᠠᠬᠤᠢ ᠶᠢᠨ ᠲᠦᠰᠦᠯ ᠳᠤ ᠳᠤᠮᠳᠠᠳᠤ ᠺᠤᠷᠢᠶᠠ ᠶᠢᠨ 4500 ᠭᠠᠷᠤᠢ ᠵᠠᠯᠠᠭᠤ ᠰᠠᠶᠢᠨ ᠳᠤᠷᠠᠲᠠᠳ ᠢ ᠵᠤᠬᠢᠶᠠᠨ ᠪᠠᠶᠢᠭᠤᠯᠤᠨ 8000 ᠲᠦᠮᠡᠨ ᠺᠦᠸᠠᠳ᠋ ᠮᠸᠲ᠋ᠷ ᠲᠠᠯᠠᠪᠠᠢ ᠲᠠᠢ ᠬᠤᠵᠢᠷᠯᠢᠬ ᠬᠠᠭᠤᠷᠠᠢ ᠨᠠᠭᠤᠷ ᠤᠨ ᠬᠤᠲᠤᠭᠤᠷ ᠢ ᠵᠠᠰᠠᠵᠤ᠂ ᠲᠤᠬᠠᠢ ᠶᠢᠨ ᠪᠦᠰᠡ ᠨᠤᠲᠤᠭ ᠤᠨ ᠠᠮᠢ ᠠᠬᠤᠢ ᠶᠢ ᠶᠡᠬᠡ ᠪᠡᠷ ᠰᠠᠶᠢᠵᠢᠷᠠᠭᠤᠯᠪᠠ᠃

    ᠲᠤᠰ ᠤᠳᠠᠭᠠᠨ ᠤ ᠠᠵᠢᠯᠯᠠᠭ᠎ᠠ ᠳᠤ ᠭᠤᠤᠯᠳᠠᠭᠤ ᠪᠤᠱᠤᠤᠳᠠᠢ ᠨᠠᠭᠤᠷ ᠢ ᠵᠠᠰᠠᠬᠤ ᠪᠡᠷ ᠪᠤᠢ᠃ ᠡᠨᠡ ᠨᠢ 2014 – 2018 ᠤᠨ ᠤ ᠬᠤᠭᠤᠷᠤᠨᠳᠤ ᠤᠳᠤᠬᠢᠴᠢᠯᠠᠭᠰᠠᠨ ᠮᠠᠰᠢᠨ ᠲᠡᠷᠭᠡᠨ ᠤ ᠪᠦᠯᠦᠭᠯᠡᠯ ᠤᠨ ᠦᠪᠦᠷ ᠮᠣᠩᠭᠣᠯ ᠤᠨ ᠡᠯᠡᠰᠤ ᠶᠢ ᠵᠠᠰᠠᠬᠤ ᠬᠤᠶᠠᠳᠤᠭᠠᠷ 《 ᠲᠠᠪᠤᠨ ᠵᠢᠯ ᠤᠨ ᠲᠦᠯᠦᠪᠯᠡᠭᠡ》 ᠪᠤᠯᠤᠨ᠎ᠠ᠃ ᠲᠦᠰᠦᠯ ᠳᠤ 1433 ᠲᠦᠮᠡᠨ ᠲᠦᠬᠦᠷᠢᠭ᠌ ᠤᠨ ᠬᠦᠷᠦᠩᠭᠡ ᠤᠷᠤᠭᠤᠯᠬᠤ ᠪᠡᠷ ᠲᠦᠯᠦᠪᠯᠡᠵᠤ᠂ 2018 ᠤᠨ ᠪᠤᠯᠲᠠᠯ᠎ᠠ 4000 ᠲᠦᠮᠡᠨ ᠺᠦᠸᠠᠳ᠋ ᠮᠸᠲ᠋ᠷ ᠲᠠᠯᠠᠪᠠᠢ ᠲᠠᠢ ᠤᠷᠭᠤᠮᠠᠯ ᠤᠨ ᠪᠦᠷᠬᠦᠴᠡ ᠶᠢ ᠪᠤᠢ ᠪᠤᠯᠭᠠᠬᠤ ᠪᠡᠷ ᠬᠠᠷᠠᠯᠲᠠ ᠪᠡᠨ ᠪᠤᠯᠭᠠᠵᠤ ᠪᠠᠶᠢᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121377776